ᠮᠠᠨ ᠤ ᠰᠢᠶᠠᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/6/24
         ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠦᠨᠡᠨ ᠬᠦ ᠲᠦᠯᠬᠢᠨ ᠠᠬᠢᠭᠤᠯᠬᠤ ᠶᠢᠨ ᠲᠥᠯᠥᠭᠡ᠃ 6 ᠰᠠᠷ᠎ᠠ ᠶᠢᠨ 21 ᠤ ᠡᠳᠦᠷ᠂ ᠮᠠᠨ ᠤ ᠰᠢᠶᠠᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ ᠬᠤᠶ ᠵᠢᠤᠢ ᠬᠤᠷᠠᠯ ᠡᠷᠭᠢᠯᠡᠪᠡ᠃      ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠭᠦᠳᠦᠨ ᠪᠠᠶᠢᠭᠤᠯᠬᠤ ᠭᠠᠵᠠᠷ ᠤᠨ ᠡᠷᠬᠢᠯᠡᠭᠴᠢ ᠡᠤ ᠰᠢᠶᠤᠤ ᠳ᠋ᠦᠩ ᠢ ᠲᠤᠰᠬᠠᠶᠢᠯᠠᠨ ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠭᠤᠤᠯᠳᠠᠭᠤ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ ᠶᠢᠨ ᠰᠢᠯᠭᠠᠨ ᠦᠨᠡᠯᠡᠬᠦ ᠭᠦᠢᠴᠡᠳᠭᠡᠯ ᠲᠤᠭ᠎ᠠ ᠪᠠᠷ ᠵᠢᠯᠣᠭᠤᠳᠣᠯᠭ᠎ᠠ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠬᠤ ᠡᠨᠡ ᠬᠦ ᠭᠤᠤᠯ ᠠᠭᠤᠯᠭ᠎ᠠ ᠶᠢ ᠥᠷᠨᠢᠭᠦᠯᠵᠦ᠂ ᠪᠣᠯᠪᠠᠰᠤᠷᠠᠭᠤᠯᠤᠯ ᠤᠨ ᠠᠭᠤᠯᠭ᠎ᠠ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢᠨ ᠪᠣᠳᠠᠲᠤ ᠠᠴᠢ ᠬᠤᠯᠪᠣᠭᠳᠠᠯ᠂ ᠦᠢᠯᠡᠳᠦᠯᠭᠡ ᠶᠢᠨ ᠠᠭᠤᠯᠤᠭᠳᠠᠬᠤᠨ᠂ ᠠᠵᠢᠯ ᠤᠨ ᠭᠤᠤᠯᠳᠠᠯᠭ᠎ᠠ ᠳᠤ ᠰᠠᠭᠤᠷᠢᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠠᠮᠢᠶ᠎ᠠ ᠪᠥᠬᠦᠶ ᠮᠡᠳᠡᠯᠭᠡ ᠶᠢ ᠣᠯᠠᠨ ᠲᠠᠰ ᠳᠠᠪᠬᠤᠷᠭ᠎ᠠ᠂ ᠣᠯᠠᠨ ᠲᠠᠯ᠎ᠠ ᠠᠴᠠ ᠲᠠᠶᠢᠯᠪᠤᠷᠢᠯᠠᠪᠠ᠃      ᠪᠣᠯᠪᠠᠰᠤᠷᠠᠯ ᠢᠶᠠᠷ ᠳᠡᠮᠵᠢᠨ᠂ ᠪᠣᠯᠪᠠᠰᠤᠷᠠᠯ ᠳᠤ ᠣᠷᠣᠯᠴᠠᠭᠰᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠱᠠᠭᠠᠷᠳᠠᠯᠭ᠎ᠠ ᠪᠠ ᠭᠤᠤᠯ ᠠᠷᠭ᠎ᠠ ᠵᠠᠮ ᠢ ᠤᠯᠠᠮ ᠨᠢᠭᠡ ᠠᠯᠬᠤᠮ ᠡᠵᠡᠮᠰᠢᠵᠦ᠂ ᠪᠥᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠨ ᠤ ᠰᠢᠶᠠᠨ ᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3