ᠪᠤᠷᠤᠭᠠᠨ ᠤ ᠲᠠᠷᠠᠭ᠎ᠠ ᠠᠷᠠᠰᠤᠨ ᠤ ᠡᠪᠡᠳᠴᠢᠨ ᠡᠷᠢᠵᠦ ᠢᠷᠡᠬᠦ ᠠᠴᠠ ᠬᠢᠴᠢᠶᠡᠬᠦ ᠬᠡᠷᠡᠭᠳᠡᠢ
ᠨᠡᠶᠢᠲᠡᠯᠡᠭᠰᠡᠨ ᠴᠠᠭ᠄
2024/6/24
     ᠰᠢᠷᠦᠭᠦᠨ ᠪᠣᠷᠣᠭᠠᠨ ᠥᠩᠭᠡᠷᠡᠭᠰᠡᠨ ᠤ ᠳᠠᠷᠠᠭ᠎ᠠ ᠬᠠᠯᠳᠠᠪᠤᠷᠢᠲᠤ ᠡᠪᠡᠳᠴᠢᠨ᠂ ᠢᠯᠠᠩᠭᠤᠶ᠎ᠠ ᠶᠣᠯᠬᠤᠳᠠᠰᠦ᠂ ᠬᠠᠯᠳᠠᠪᠤᠷᠢᠯᠠᠯ ᠤᠨ ᠴᠢᠨᠠᠷᠲᠠᠢ ᠰᠠᠭᠤᠯᠭᠠᠬᠤ ᠵᠡᠷᠭᠡ ᠭᠡᠳᠡᠰᠦᠨ ᠤ ᠬᠠᠯᠳᠠᠪᠤᠷᠢᠲᠤ ᠡᠪᠡᠳᠴᠢᠨ᠂ ᠠᠷᠠᠰᠤᠨ ᠤ ᠦᠷᠪᠢᠰᠦᠯ ᠲᠠᠢ ᠡᠪᠡᠳᠴᠢᠨ ᠴᠦ ᠪᠣᠢ᠃      ᠭᠠᠯ ᠬᠠᠪᠤᠳᠠᠷ  ᠪᠠ  ᠯᠢᠮᠹ ᠤᠨ ᠴᠤᠷᠭᠤ ᠶᠢᠨ ᠦᠷᠪᠢᠰᠦᠯ      ᠶᠡᠭᠡ ᠪᠣᠷᠣᠭᠠᠨ ᠣᠷᠣᠭᠰᠠᠨ ᠤ ᠳᠠᠷᠠᠭ᠎ᠠ ᠣᠯᠠᠨ ᠢᠶᠠᠷ ᠢᠶᠠᠨ ᠤᠰᠤᠨ  ᠳᠤ ᠤᠷᠤᠭᠰᠠᠨ ᠤ ᠳᠠᠷᠠᠭ᠎ᠠ ᠪᠠᠺᠲᠧᠷᠢ ᠦᠰᠦᠨ ᠤ ᠰᠦᠪᠡ ᠪᠠᠷ ᠠᠮᠠᠷᠬᠠᠨ ᠬᠡᠶᠢᠰᠴᠦ᠂ ᠯᠢᠮᠪᠠ ᠶᠢᠨ ᠭᠤᠤᠷᠰᠤ ᠳᠣᠲᠣᠷ᠎ᠠ ᠣᠷᠣᠵᠤ᠂ ᠭᠠᠯ ᠬᠤᠣᠷ᠂ ᠯᠢᠮᠪᠠ ᠶᠢᠨ ᠭᠤᠤᠷᠰᠤᠨ ᠦᠷᠪᠢᠰᠦᠯ ᠡᠭᠦᠰᠬᠡᠳᠡᠭ᠃ ᠬᠡᠷᠪᠡ ᠬᠥᠯ ᠨᠢ ᠬᠠᠭᠠᠷᠠᠭᠰᠠᠨ ᠪᠣᠯ ᠨᠡᠩ ᠠᠮᠠᠷᠬᠠᠨ ᠡᠶᠢᠮᠦ ᠪᠠᠶᠢᠳᠠᠯ ᠢᠯᠡᠷᠡᠨ᠎ᠡ︕      ᠵᠠᠭᠤᠷ᠎ᠠ ᠶᠢᠨ ᠪᠢᠵᠢᠷᠡᠦ᠂ ᠬᠥᠯ ᠤᠨ ᠢᠯᠢᠳᠦ      ᠤᠰᠤᠨ ᠳᠤ ᠳᠡᠪᠲᠦᠭᠡᠭᠰᠡᠨ ᠤ ᠳᠠᠷᠠᠭ᠎ᠠ ᠠᠷᠠᠰᠤᠨ ᠤ ᠬᠠᠯᠬᠠᠪᠴᠢ ᠶᠢᠨ ᠠᠵᠢᠯᠯᠠᠭ᠎ᠠ ᠡᠪᠳᠡᠭᠳᠡᠵᠦ᠂ ᠵᠢᠩᠬᠢᠨᠢ ᠪᠠᠺᠲ᠋ᠧᠷᠢ ᠪᠣᠯᠤᠨ ᠪᠠᠺᠲ᠋ᠧᠷᠢ ᠣᠷᠭᠠᠨᠢᠭ ᠦᠷᠡᠵᠢᠨ᠂ ᠠᠯᠠᠭᠯᠠᠨ ᠠᠷᠴᠢᠬᠤ ᠳᠤ ᠠᠮᠠᠷᠬᠠᠨ ᠪᠠᠶᠢᠳᠠᠭ᠃      ᠰᠢᠬᠢᠷᠡ ᠰᠢᠵᠢᠩ ᠡᠪᠡᠳᠴᠢᠨ ᠤ ᠲᠡᠦᠬᠡ ᠲᠠᠢ ᠬᠥᠮᠦᠰ ᠨᠡᠩ ᠴᠤ ᠠᠩᠬᠠᠷᠤᠨ᠂ ᠪᠣᠬᠢᠷ ᠤᠰᠤᠨ ᠤ ᠣᠷᠴᠢᠨ ᠲᠣᠭᠤᠷᠢᠨ ᠠᠴᠠ ᠴᠠᠭ ᠲᠤᠬᠠᠶ ᠳᠤᠨᠢ ᠰᠠᠯᠭᠠᠵᠤ᠂ ᠬᠥᠯ ᠢᠶᠠᠨ ᠠᠷᠴᠢᠨ ᠬᠠᠲᠠᠵᠤ᠂ ᠵᠢᠩᠬᠢᠨᠢ ᠪᠠᠺᠲ᠋ᠧᠷᠢ ᠪᠠ ᠪᠠᠺᠲ᠋ᠧᠷᠢ ᠶᠢᠨ ᠬᠠᠯᠳᠠᠪᠤᠷᠢᠯᠠᠯ ᠢ ᠰᠡᠷᠭᠡᠶᠢᠯᠡᠬᠦ ᠬᠡᠷᠡᠭᠲᠡᠶ᠃      ᠰᠢᠷᠪᠦᠰᠦ ᠲᠠᠲᠠᠬᠤ᠂ ᠦᠶ᠎ᠡ ᠭᠡᠰᠢᠭᠦᠨ ᠤ ᠦᠷᠪᠢᠰᠦᠯ᠂ ᠬᠡᠷᠡᠬᠦ ᠡᠪᠡᠳᠴᠢᠨ      ᠪᠣᠷᠣᠭᠠᠨ ᠣᠷᠣᠭᠰᠠᠨ ᠡᠳᠦᠷ ᠮᠠᠰᠢ ᠣᠯᠠᠨ ᠬᠥᠮᠦᠰ ᠰᠡᠷᠢᠭᠦᠨ ᠱᠠᠬᠠᠢ ᠪᠠᠨ ᠰᠣᠯᠢᠵᠤ᠂ ᠠᠵᠢᠯ ᠳᠤ ᠭᠠᠷᠴᠤ᠂ ᠬᠦᠢᠲᠡᠨ ᠤᠰᠤ ᠪᠠᠷ ᠬᠥᠯ ᠢᠶᠠᠨ ᠳᠠᠭᠠᠷᠢᠵᠤ ᠴᠡᠪᠡᠷ ᠪᠠᠶᠢᠯᠭᠠᠨ᠎ᠠ᠃ ᠬᠥᠯ ᠢᠶᠠᠨ ᠬᠦᠢᠲᠡᠨ ᠤᠰᠤ ᠪᠠᠷ ᠤᠭᠢᠶᠠᠬᠤ ᠳᠤ ᠦᠰᠦᠨ ᠤ ᠰᠦᠪᠡ ᠭᠡᠨᠡᠳᠲᠡ ᠪᠥᠭᠯᠡᠷᠡᠬᠦ ᠶᠢᠨ ᠳᠡᠭᠡᠷ᠎ᠡ ᠪᠤᠯᠴᠢᠩ ᠶᠠᠳᠠᠷᠠᠬᠤ᠂ ᠪᠠᠴᠢᠮᠳᠠᠬᠤ ᠬᠡᠮᠵᠢᠶ᠎ᠡ ᠨᠢ ᠨᠡᠮᠡᠭᠳᠡᠵᠦ᠂ ᠬᠥᠯ ᠤᠨ ᠰᠢᠷᠪᠦᠰᠦ ᠠᠮᠠᠷᠬᠠᠨ ᠲᠠᠲᠠᠬᠤ ᠪᠥᠭᠡᠳ ᠦᠶ᠎ᠡ ᠭᠡᠰᠢᠭᠦᠨ ᠤ ᠦᠷᠪᠢᠰᠦᠯ ᠪᠣᠯᠤᠨ ᠬᠡᠷᠦᠬᠦ ᠡᠪᠡᠳᠴᠢᠨ ᠠᠮᠠᠷᠬᠠᠨ ᠡᠭᠦᠰᠬᠡᠳᠡᠭ᠃      ᠡᠭᠦᠨ ᠠᠴᠠ ᠭᠠᠳᠠᠨ᠎ᠠ᠂ ᠪᠣᠬᠢᠷ ᠤᠰᠤᠨ ᠤ ᠳᠣᠲᠣᠷ᠎ᠠ ᠡᠩ ᠤᠨ ᠣᠯᠠᠨ ᠬᠤᠷᠣᠬᠠᠶ ᠪᠠᠶᠢᠳᠠᠭ᠃ ᠬᠤᠷᠣᠬᠠᠢ ᠳᠤ ᠬᠠᠵᠠᠭᠳᠠᠭᠰᠠᠨ ᠤ ᠳᠠᠷᠠᠭ᠎ᠠ ᠵᠠᠭᠠᠲᠤᠨᠠᠭᠰᠠᠨ ᠤ ᠳᠠᠷᠠᠭ᠎ᠠ᠂ ᠬᠤᠷᠮᠣᠨ ᠤ ᠲᠥᠷᠥᠯ ᠤᠨ ᠵᠥᠭᠡᠯᠡᠨ ᠬᠠᠨᠳᠠ᠂ ᠠᠭ᠎ᠠ ᠬᠦᠴᠢᠯ ᠤᠨ ᠮᠥᠭᠡᠷᠰᠦᠨ ᠤ ᠬᠠᠨᠳᠠ ᠪᠠᠷ ᠵᠠᠭᠠᠲᠤᠨᠠᠬᠤ ᠶᠢ ᠵᠣᠭᠰᠣᠭᠠᠬᠤ ᠪᠣᠯᠣᠨ᠎ᠠ᠃                               ᠵᠤᠬᠢᠶᠠᠭᠴᠢ᠄ ᠡᠷᠡᠭᠦᠯ  ᠴᠢᠬᠢᠷᠠᠭ  ᠳᠤᠮᠳᠠᠳᠤ  ᠤᠯᠤᠰ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3