ᠰᠢᠩ ᠾᠧ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ︾᠎ ᠶᠢᠨ ᠲᠤᠷᠰᠢᠯᠲᠠ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ ᠶᠢᠨ ᠥᠷᠢᠰᠥᠯᠳᠦᠭᠡᠨ ᠤ ᠴᠢᠨᠠᠷᠲᠠᠶ ᠬᠠᠷᠢᠴᠠᠯᠲᠤ ᠰᠣᠩᠭᠤᠭᠤᠯᠢ ᠶᠢᠨ ᠦᠷ᠎ᠡ ᠳ᠋ᠦᠩ ᠢ ᠵᠠᠷᠯᠠᠨ ᠨᠡᠶᠢᠲᠡᠯᠡᠬᠦ
ᠨᠡᠶᠢᠲᠡᠯᠡᠭᠰᠡᠨ ᠴᠠᠭ᠄
2024/6/25
      ᠰᠢᠩ ᠾᠧ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠰᠠᠯᠬᠢ ᠡᠵᠡᠮᠳᠡᠬᠦ ᠠᠵᠢᠯᠯᠠᠭ᠎ᠠ︾᠎ ᠶᠢᠨ ᠲᠤᠷᠰᠢᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠤᠯ ᠴᠣᠭᠴᠠ ᠶᠢ ᠬᠠᠷᠢᠴᠠᠭᠤᠯᠤᠨ ᠰᠣᠩᠭᠤᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠯᠤᠰ ᠤᠨ ᠡᠨᠧᠷᠭᠢ ᠶᠢᠨ ᠲᠣᠪᠴᠢᠶ᠎ᠠ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︿ᠮᠢᠩᠭᠠᠨ ᠰᠢᠶᠠᠩ ᠲᠦᠮᠡᠨ ᠲᠣᠰᠬᠤᠨ ᠢ ᠡᠷᠬᠡᠰᠢᠶᠡᠬᠦ ᠠᠵᠢᠯᠯᠠᠭ᠎ᠠ﹀᠎ ᠶᠢ ᠵᠣᠬᠢᠶᠠᠨ ᠪᠠᠶᠢᠭᠤᠯᠵᠤ ᠥᠷᠨᠢᠭᠦᠯᠬᠦ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ﹇2024﹈ 378 ᠳ᠋ᠤᠭᠠᠷ ᠲᠣᠭᠠᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠢᠩᠭᠠᠨ ᠰᠢᠶᠠᠩ ︵ᠰᠤᠮᠤ︶ ᠲᠦᠮᠡᠨ ᠲᠣᠰᠬᠤᠨ ︵ᠭᠠᠴᠠᠭ᠎ᠠ︶᠎ ᠤ ᠰᠠᠯᠬᠢᠨ ᠢ ᠡᠷᠬᠡᠰᠢᠶᠡᠬᠦ ᠠᠵᠢᠯᠯᠠᠭ᠎ᠠ﹀᠎ ᠶᠢᠨ ᠬᠡᠷᠡᠭᠵᠢᠭᠦᠯᠬᠦ ᠲᠥᠰᠦᠯ﹀᠎ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠡᠳᠡᠭᠳᠡᠯ︾ ︵ᠥᠪᠥᠷ ᠡᠨᠧᠷᠭᠢ ᠰᠢᠨ᠎ᠡ ᠡᠨᠧᠷᠭᠢ ᠥᠰᠥᠭ︶ ﹇2024﹈363 ᠳ᠋ᠤᠭᠠᠷ ᠲᠣᠭᠠᠲᠤ︶  ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠪᠥᠬᠦ ᠣᠷᠣᠨ ᠤ ︿ᠮᠢᠩᠭᠠᠨ ᠰᠢᠶᠠᠩ ︵ᠰᠤᠮᠤ︶᠎ ᠤᠨ ᠲᠦᠮᠡᠨ ᠲᠣᠰᠬᠤᠨ ︵ᠭᠠᠴᠠᠭ᠎ᠠ︶᠎ ᠤᠨ ᠰᠠᠯᠬᠢ ᠡᠵᠡᠮᠳᠡᠬᠦ ᠠᠵᠢᠯᠯᠠᠭ᠎ᠠ︾᠎ ᠶᠢᠨ ᠲᠤᠷᠰᠢᠯᠲᠠ ᠶᠢᠨ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠲᠤᠬᠠᠶ ᠮᠡᠳᠡᠭᠳᠡᠯ︾ ︵ᠥᠪᠥᠷ ᠡᠨᠧᠷᠭᠢ ᠰᠢᠨ᠎ᠡ ᠡᠨᠧᠷᠭᠢ ᠥᠰᠥᠭ ﹇2024﹈ 381 ᠳ᠋ᠦᠭᠡᠷ ᠲᠣᠭᠠᠲᠤ︶᠎ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠷᠬᠡ ᠲᠡᠭᠰᠢ᠂ ᠲᠥᠪ ᠭᠤᠤᠯᠴᠢ᠂ ᠪᠤᠰᠤᠳᠴᠢ᠂ ᠰᠢᠯᠢᠳᠡᠭ ᠢ ᠨᠢ ᠰᠣᠩᠭᠤᠬᠤ ᠵᠠᠷᠴᠢᠮ ᠶᠣᠰᠣᠭᠠᠷ ᠂ ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶᠎ ᠤᠨ ᠲᠣᠪᠴᠢᠶ᠎ᠠ ᠠᠴᠠ ᠭᠤᠷᠪᠠᠳᠠᠬᠢ ᠡᠲᠡᠭᠡᠳ ᠤᠨ ᠠᠳᠠᠯᠢᠳᠬᠠᠨ ᠰᠣᠩᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠥᠪᠥᠷ ᠮᠣᠩᠭᠤᠯ ᠤᠨ ᠯᠢᠦᠶ ᠨᠧᠩ ᠰᠢᠨ᠎ᠡ ᠡᠨᠧᠷᠭᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ ᠰᠢᠩ ᠾᠧ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ︾᠎ ᠶᠢᠨ ᠲᠤᠷᠰᠢᠯᠲᠠ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ ᠶᠢ ᠬᠠᠷᠢᠴᠠᠭᠤᠯᠤᠨ ᠰᠣᠩᠭᠤᠬᠤ ᠠᠵᠢᠯ ᠢ ᠥᠷᠨᠢᠭᠦᠯᠵᠦ᠂ ᠠᠳᠠᠯᠢᠳᠬᠠᠨ ᠰᠣᠩᠭᠤᠬᠤ ᠶᠡᠷᠦᠩᠬᠡᠶᠢᠯᠡᠭᠰᠡᠨ ᠬᠤᠪᠢ ᠬᠠᠮᠤᠭ ᠤᠨ ᠥᠨᠳᠥᠷ ᠠᠵᠤ ᠠᠬᠤᠶᠢᠯᠠᠯ ᠢ ᠰᠢᠩ ᠾᠧ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ︾᠎ ᠶᠢᠨ ᠲᠤᠷᠰᠢᠯᠲᠠ ᠶᠢᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ ᠪᠣᠯᠭᠠᠪᠠ᠃      ᠭᠤᠷᠪᠠᠳᠠᠬᠢ ᠡᠲᠡᠭᠡᠳ ᠤᠨ ᠬᠠᠷᠢᠴᠠᠭᠤᠯᠤᠨ ᠰᠣᠩᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠰᠢᠶᠠᠭᠰᠠᠨ ︽ᠰᠢᠩ ᠾᠧ ᠰᠢᠶᠠᠨ ᠤ ︿ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ﹀᠎ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ ᠶᠢᠨ ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠮᠡᠳᠡᠭᠦᠯᠦᠯᠲᠡ︾᠎ ᠶᠢ ᠦᠨᠳᠦᠰᠦᠯᠡᠪᠡᠯ᠂ ᠡᠳᠦᠭᠡ ᠦᠷ᠎ᠡ ᠳ᠋ᠦᠩ ᠢ ᠳᠣᠤᠷᠠᠬᠢ ᠮᠡᠲᠦ ᠵᠠᠷᠯᠠᠶ᠎ᠠ᠄      ᠰᠢᠩ ᠡᡁᠧ ᠰᠢᠶᠠᠨ ᠤ ︽ᠮᠢᠩᠭᠠᠨ ᠰᠢᠶᠠᠩ ᠲᠦᠮᠡᠨ ᠲᠣᠰᠬᠤᠨ ᠤ ᠰᠠᠯᠬᠢ ᠡᠵᠡᠮᠳᠡᠬᠦ ᠠᠵᠢᠯᠯᠠᠭ᠎ᠠ︾᠎ ᠶᠢᠨ ᠲᠤᠷᠰᠢᠯᠲᠠ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠪᠣᠯ ᠰᠢᠩ ᠡᡁᠧ ᠰᠢᠶᠠᠨ ᠤ ᠲᠠᠢ ᠶᠠᠩ ᠡᠨᠧᠷᠭᠢ ᠶᠢᠨ ᠪᠡᠯᠡ ᠣᠷᠣᠭᠤᠯᠤᠯᠲᠠ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠪᠣᠯᠤᠨ᠎ᠠ᠃      ᠵᠠᠷᠯᠠᠨ ᠨᠡᠶᠢᠲᠡᠯᠡᠬᠦ ᠬᠤᠭᠤᠴᠠᠭ᠎ᠠ᠄ 2024 ᠣᠨ ᠤ 6 ᠰᠠᠷ᠎ᠠ ᠶᠢᠨ 25᠎ ᠤ ᠡᠳᠦᠷ ᠤᠨ 9᠄ 00-18᠄ 00      ᠬᠡᠷᠪᠡ ᠢᠯᠡ ᠨᠡᠶᠢᠲᠡᠯᠡᠭᠰᠡᠨ ᠠᠭᠤᠯᠭ᠎ᠠ ᠳᠤ ᠣᠨᠳᠣᠤ ᠰᠠᠨᠠᠯ ᠲᠠᠢ ᠪᠠᠶᠢᠪᠠᠯ᠂ ᠢᠯᠡ ᠨᠡᠶᠢᠲᠡᠯᠡᠬᠦ ᠬᠤᠭᠤᠴᠠᠭᠠᠨ ᠳᠤ ᠪᠢᠴᠢᠭ ᠤᠨ ᠬᠡᠯᠪᠡᠷᠢ ᠪᠠᠷ ᠰᠠᠨᠠᠯ ᠢᠶᠠᠨ ᠳᠤᠷᠠᠳᠴᠤ᠂ ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶᠎ ᠤᠨ ᠲᠣᠪᠴᠢᠶ᠎ᠠ ᠳᠤ ᠬᠠᠷᠢᠭᠤ ᠲᠤᠰᠬᠠᠵᠤ᠂ ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶᠎ ᠤᠨ ᠲᠣᠪᠴᠢᠶ᠎ᠠ ᠠᠴᠠ ᠪᠢᠴᠢᠭ ᠤᠨ ᠬᠡᠯᠪᠡᠷᠢ ᠪᠠᠷ ᠰᠠᠨᠠᠯ ᠢᠶᠠᠨ ᠳᠤᠷᠠᠳᠴᠤ᠂ ᠪᠢᠴᠢᠭ ᠢᠶᠠᠷ ᠬᠠᠷᠢᠭᠤᠯᠲᠠ ᠥᠭᠭᠦᠨ᠎ᠡ᠃      ᠬᠠᠷᠢᠯᠴᠠᠬᠤ ᠨᠢᠭᠡᠴᠡ᠄ ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶᠎ ᠤᠨ ᠲᠣᠪᠴᠢᠶ᠎ᠠ      ᠬᠠᠷᠢᠯᠴᠠᠭᠴᠢ᠄ ᠸᠧᠶ ᠸᠧᠶ      ᠬᠠᠷᠢᠯᠴᠠᠬᠤ ᠤᠲᠠᠰᠤ᠄ 15848039445      ᠬᠠᠶ᠋ᠢᠭ᠄ ᠰᠢᠩ ᠾᠧ ᠰᠢᠶᠠᠨ ᠤ ᠡᠳ᠋ ᠤᠨ ᠵᠠᠰᠠᠭ ᠤᠨ ᠲᠣᠮᠣ ᠠᠰᠠᠷ ᠤᠨ 10 ᠳ᠋ᠤᠭᠠᠷ ᠠᠰᠠᠷ      ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠰᠢᠩ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶᠎ ᠤᠨ ᠲᠣᠪᠴᠢᠶ᠎ᠠ                                         2024 ᠣᠨ ᠤ 6 ᠰᠠᠷ᠎ᠠ ᠶᠢᠨ 25᠎ ᠤ ᠡᠳᠦᠷ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3