ᠰᠢᠩ ᠾᠧ ᠰᠢᠶᠠᠨ᠄ ᠠᠷᠠᠳ ᠲᠤ ᠲᠥᠬᠦᠮ ᠦᠵᠡᠭᠦᠯᠵᠦ ᠴᠠᠬᠢᠯᠭᠠᠨ ᠴᠡᠨᠡᠭᠯᠡᠬᠦ ᠪᠠᠭᠠᠨ᠎ᠠ ᠶᠢᠨ ︽ᠠᠵᠢᠯ ᠤᠨ ᠪᠠᠶᠢᠷᠢ ᠳᠤ ᠭᠠᠷᠬᠤ︾ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ︽ᠲᠠᠰ ᠳᠡᠪᠰᠢᠬᠦ︾
ᠨᠡᠶᠢᠲᠡᠯᠡᠭᠰᠡᠨ ᠴᠠᠭ᠄
2024/6/25
     ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠪᠠᠶᠢᠭᠤᠯᠬᠤ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠬᠤ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠴᠢᠩᠭᠠᠳᠬᠠᠵᠤ᠂ ᠰᠢᠩ ᠾᠧ ᠰᠢᠶᠠᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠢ ᠬᠡᠷᠡᠭᠵᠢᠭᠦᠯᠬᠦ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢ ᠳᠠᠶᠢᠴᠢᠯᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃
     ᠰᠤᠷᠪᠤᠯᠵᠢᠯᠠᠭᠴᠢ ᠠᠷᠠᠳ ᠤᠨ ᠴᠡᠴᠡᠷᠯᠢᠭ ᠲᠤ ᠬᠦᠷᠬᠦ ᠳᠤ᠂ ᠨᠢᠭᠡᠳᠦᠭᠡᠷ ᠮᠥᠷ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠶᠠᠭ ᠴᠠᠬᠢᠯᠭᠠᠨ ᠴᠡᠨᠡᠭᠯᠡᠵᠦ ᠪᠣᠶ᠂ ᠠᠷᠠᠳ ᠤᠨ ᠴᠡᠴᠡᠷᠯᠢᠭ ᠤᠨ ᠴᠠᠬᠢᠯᠭᠠᠨ ᠴᠡᠨᠡᠭᠯᠡᠬᠦ ᠥᠷᠲᠡᠭᠡ 9 ᠴᠠᠬᠢᠯᠭᠠᠨ ᠴᠡᠨᠡᠭᠯᠡᠬᠦ ᠪᠠᠭᠠᠨ᠎ᠠ ᠶᠢ ᠬᠠᠮᠲᠤ ᠪᠠᠷ ᠪᠠᠶᠢᠭᠤᠯᠵᠤ᠂ ᠥᠷᠲᠡᠭᠡᠨ ᠳᠣᠲᠣᠷ᠎ᠠ 15 ᠰᠢᠨ᠎ᠡ ᠡᠨᠧᠷᠭᠢ ᠶᠢᠨ ᠮᠠᠰᠢᠨ ᠲᠡᠷᠭᠡ ᠶᠢ ᠵᠡᠷᠭᠡ ᠪᠠᠷ ᠬᠠᠩᠭᠠᠵᠤ᠂ ᠪᠥᠬᠦ ᠰᠢᠶᠠᠨ ᠤ ᠰᠠᠭᠤᠭᠠᠯᠢ ᠠᠷᠠᠳ ᠤᠨ ᠠᠳᠠᠯᠢ ᠪᠤᠰᠤ ᠲᠥᠷᠥᠯ ᠬᠡᠯᠪᠡᠷᠢ ᠶᠢᠨ ᠲᠡᠷᠭᠡᠨ ᠤ ᠡᠵᠡᠨ ᠤ ᠬᠡᠷᠡᠭᠴᠡᠭᠡ ᠶᠢ ᠪᠦᠷᠢᠨ ᠬᠠᠩᠭᠠᠬᠤ ᠶᠢᠨ ᠲᠥᠯᠥᠭᠡ᠂ ᠰᠢᠩ ᠾᠧ ᠰᠢᠶᠠᠨ ᠳᠤ ᠪᠠᠯᠠ ᠣᠷᠣᠭᠤᠯᠤᠨ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢᠨ ᠲᠥᠷᠥᠯ ᠵᠦᠢᠯ ᠨᠢ ᠪᠥᠬᠦ ᠰᠢᠶᠠᠨ ᠤ 9 ᠰᠢᠶᠠᠩ ᠪᠠᠯᠭᠠᠰᠤ ᠵᠢᠴᠢ ᠰᠢᠶᠠᠨ ᠤ ᠬᠡᠪᠴᠢᠶᠡᠨ ᠤ ᠲᠥᠪ ᠣᠷᠣᠨ ᠪᠦᠰᠡ ᠶᠢ ᠬᠠᠮᠤᠷᠪᠠ᠃
     ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠴᠡᠭᠡ ᠵᠢᠯ ᠳᠠᠷᠠᠭᠠᠯᠠᠨ ᠨᠡᠮᠡᠭᠳᠡᠬᠦ ᠶᠢ ᠳᠠᠭᠠᠯᠳᠤᠨ᠂  ᠮᠠᠰᠢ ᠣᠯᠠᠨ ᠬᠤᠲᠠ ᠶᠢᠨ ᠠᠷᠠᠳ ᠪᠣᠯᠤᠨ ᠵᠠᠷᠢᠮ ᠥᠪᠡᠷ ᠢᠶᠠᠨ ᠲᠡᠷᠭᠡ ᠵᠢᠯᠣᠭᠤᠳᠤᠨ ᠵᠤᠭᠠᠴᠠᠬᠤ ᠰᠢᠨ᠎ᠡ ᠡᠨᠧᠷᠭᠢ ᠶᠢᠨ ᠲᠡᠷᠭᠡᠨ ᠤ ᠡᠵᠡᠨ ᠴᠠᠬᠢᠯᠭᠠᠨ ᠴᠡᠨᠡᠭᠯᠡᠬᠦ ᠥᠷᠲᠡᠭᠡ ᠳᠤ ᠮᠠᠰᠢ ᠶᠡᠭᠡ ᠬᠡᠷᠡᠭᠴᠡᠭᠡ ᠱᠠᠭᠠᠷᠳᠠᠯᠭ᠎ᠠ ᠲᠠᠢ ᠪᠠᠶᠢᠨ᠎ᠠ᠃ ᠴᠠᠬᠢᠯᠭᠠᠨ ᠴᠡᠨᠡᠭᠯᠡᠬᠦ ᠥᠷᠲᠡᠭᠡ ᠶᠢ ᠪᠠᠶᠢᠭᠤᠯᠤᠭᠰᠠᠨ ᠨᠢ ᠰᠢᠶᠠᠨ ᠤ ᠳᠣᠲᠣᠷᠠᠬᠢ ᠴᠠᠬᠢᠯᠭᠠᠨ ᠴᠡᠨᠡᠭᠯᠡᠬᠦ ᠳᠤ ᠬᠦᠴᠢᠷᠲᠡᠶ ᠬᠤᠭᠤᠰᠣᠨ ᠢ ᠨᠥᠬᠦᠪᠥᠷᠢᠯᠡᠭᠰᠡᠨ ᠢᠶᠠᠷ ᠪᠠᠷᠠᠬᠤ ᠥᠬᠡᠶ᠂ ᠪᠠᠰᠠ ᠳᠡᠭᠡᠳᠦ ᠬᠤᠷᠳᠤ ᠶᠢᠨ ᠵᠠᠰᠠᠮᠠᠯ ᠵᠠᠮ ᠳᠠᠭᠠᠤ ᠪᠠ 110 ᠤᠯᠤᠰ ᠤᠨ ᠵᠠᠮ ᠳᠠᠭᠠᠤ ᠴᠠᠬᠢᠯᠭᠠᠨ ᠴᠡᠨᠡᠭᠯᠡᠬᠦ ᠥᠷᠲᠡᠭᠡ ᠥᠬᠡᠶ ᠪᠠᠶᠢᠬᠤ ᠳᠤᠲᠠᠭᠤᠳᠠᠯ ᠢ ᠨᠥᠬᠦᠪᠥᠷᠢᠯᠡᠵᠦ᠂ ᠪᠠᠰᠠ ᠰᠢᠨ᠎ᠡ ᠡᠨᠧᠷᠭᠢ ᠶᠢᠨ ᠠᠵᠤ ᠤᠶᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃ ᠰᠢᠩ ᠾᠧ ᠰᠢᠶᠠᠨ ᠠᠷᠠᠳ ᠲᠤ ᠠᠰᠢᠭ ᠬᠦᠷᠲᠡᠭᠡᠬᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠲᠦᠬᠦᠮ ᠦᠵᠡᠭᠦᠯᠬᠦ ᠬᠠᠷᠠᠯᠲᠠ ᠶᠢᠨ ᠲᠣᠭᠤᠷᠢᠨ ᠳᠤ᠂ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠤᠨ ᠬᠥᠭᠵᠢᠯᠲᠡ ᠶᠢ ᠰᠡᠳᠬᠢᠯ ᠲᠠᠯᠪᠢᠨ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3