ᠡᠮ ᠳᠤ ᠱᠢᠨᠤᠯ ᠲᠠᠢ ᠪᠣᠯᠬᠤ ᠶᠢ ᠬᠡᠷᠬᠢᠨ ᠲᠠᠰᠤᠯᠬᠤ ᠪᠣᠢ︖ ᠠᠷᠠᠳ ᠨᠡᠶᠢᠲᠡ ᠶᠢᠨ ᠬᠤᠣᠷ ᠴᠠᠭᠠᠵᠠᠯᠠᠬᠤ ᠤᠬᠠᠭᠤᠯᠭ᠎ᠠ ᠶᠢᠨ ᠰᠠᠷ᠎ᠠ
ᠨᠡᠶᠢᠲᠡᠯᠡᠭᠰᠡᠨ ᠴᠠᠭ᠄
2024/6/26
     ᠡᠮ ᠤᠨ ᠱᠢᠨᠤᠯ ᠲᠠᠢ ᠪᠣᠯᠬᠤ ᠨᠢ ᠭᠤᠣᠯᠳᠠᠭᠤ ᠬᠤᠶᠠᠷ ᠣᠨᠴᠠᠯᠢᠭ ᠪᠠᠶᠢᠨ᠎ᠠ᠄ ᠲᠡᠰᠪᠦᠷᠢᠯᠡᠵᠦ  ᠲᠦᠰᠢᠭᠯᠡᠨ᠎ᠡ᠃ ᠬᠡᠷᠡᠭᠯᠡᠬᠦ ᠬᠡᠮᠵᠢᠶ᠎ᠡ ᠨᠢ ᠬᠦᠰᠡᠯᠲᠡ ᠭᠠᠷᠭᠠᠭᠰᠠᠨ ᠡᠮ ᠤᠨ ᠬᠦᠴᠦᠨ ᠪᠣᠯᠤᠨ᠎ᠠ᠃ ᠬᠠᠷᠢᠨ  ᠨᠠᠶᠢᠳᠠᠯᠭ᠎ᠠ ᠶᠢ ᠲᠦᠱᠢᠭᠯᠡᠨ᠂ ᠰᠡᠳᠭᠢᠴᠡ ᠶᠢᠨ ᠲᠠᠯ᠎ᠠ ᠪᠠᠷ ᠡᠮ ᠢ ᠡᠷᠡᠮᠡᠯᠵᠡᠬᠦ ᠶᠠᠪᠤᠳᠠᠯ ᠪᠣᠯᠵᠤ᠂ ᠹᠢᠽᠢᠣᠯᠣᠭᠢ ᠶᠢᠨ ᠲᠠᠯ᠎ᠠ ᠪᠠᠷ ᠲᠤᠰ ᠡᠮ ᠢ ᠬᠡᠷᠡᠭᠯᠡᠬᠦ ᠶᠢ ᠵᠣᠭᠰᠣᠭᠠᠬᠤ ᠢᠯᠡᠷᠡᠯ ᠨᠢ ᠡᠨᠡ ᠲᠥᠷᠥᠯ ᠤᠨ ᠡᠮ ᠤᠨ ᠦᠢᠯᠡᠳᠦᠯ ᠲᠠᠢ ᠡᠰᠡᠷᠭᠦ ᠢᠯᠡᠷᠡᠯ ᠪᠣᠯᠤᠨ᠎ᠠ᠂ ᠵᠢᠱᠢᠶᠡᠯᠡᠪᠡᠯ ᠡᠪᠡᠳᠬᠦ ᠶᠢ ᠵᠣᠭᠰᠣᠭᠠᠬᠤ ᠡᠮ ᠬᠡᠷᠡᠭᠯᠡᠭᠰᠡᠨ ᠠᠴᠠ ᠪᠣᠯᠵᠤ᠂ ᠭᠡᠨᠡᠳᠲᠡ ᠡᠮ ᠬᠡᠷᠡᠭᠯᠡᠬᠦ ᠶᠢ ᠵᠣᠭᠰᠣᠭᠠᠬᠤ ᠦᠶ᠎ᠡ ᠳᠤ ᠪᠡᠶ᠎ᠡ ᠡᠪᠡᠳᠬᠦ ᠲᠥᠷᠥᠭᠳᠡᠯ ᠢᠯᠡᠷᠡᠪᠡ᠃ ᠬᠡᠷᠪᠡ ᠡᠮ ᠬᠡᠷᠡᠭᠯᠡᠵᠦ ᠪᠠᠶᠢᠬᠤ ᠦᠶ᠎ᠡ ᠳᠤ ᠳᠡᠭᠡᠷᠡᠬᠢ ᠢᠯᠡᠷᠡᠯ ᠲᠠᠢ ᠪᠣᠯ ᠡᠪᠡᠳᠴᠢᠲᠡᠨ ᠡᠮ ᠲᠠᠩ ᠤᠨ ᠰᠢᠨᠤᠯ ᠭᠠᠷᠬᠤ ᠶᠢ ᠰᠡᠷᠡᠮᠵᠢᠯᠡᠵᠦ᠂ ᠴᠠᠭ ᠲᠤᠬᠠᠶ ᠳᠤᠨᠢ ᠡᠮᠨᠡᠭᠦᠯᠬᠦ ᠬᠡᠷᠡᠭᠲᠡᠶ᠃      ᠡᠮ ᠤᠨ ᠱᠢᠨᠤᠯ ᠲᠠᠢ ᠪᠣᠯᠤᠭᠰᠠᠨ ᠨᠢ ᠠᠵᠢᠯ᠂ ᠰᠤᠷᠤᠯᠴᠠᠯᠭ᠎ᠠ᠂ ᠠᠮᠢᠳᠤᠷᠠᠯ ᠵᠡᠷᠭᠡ ᠨᠡᠢᠭᠡᠮ ᠤᠨ ᠴᠢᠳᠠᠮᠵᠢ ᠶᠢ ᠨᠥᠯᠥᠭᠡᠯᠡᠵᠦ᠂ ᠡᠮ ᠤᠨ ᠱᠢᠨᠤᠯ ᠲᠠᠢ ᠪᠣᠯᠤᠭᠰᠠᠨ ᠬᠥᠮᠦᠰ ᠢ ᠴᠠᠭ ᠲᠤᠬᠠᠢ ᠳᠤᠨᠢ ᠡᠮᠨᠡᠨ ᠵᠠᠰᠠᠬᠤ ᠴᠢᠬᠤᠯᠠᠲᠠᠢ᠃ ᠪᠦᠬᠦ ᠡᠪᠡᠳᠴᠢᠨ ᠤ ᠶᠠᠪᠤᠴᠠ ᠶᠢ ᠶᠡᠷᠦᠩᠬᠡᠶᠢᠯᠡᠨ ᠬᠠᠮᠢᠶᠠᠷᠬᠤ ᠵᠠᠷᠴᠢᠮ ᠤᠨ ᠶᠣᠰᠣᠭᠠᠷ᠂ ᠡᠮ ᠤᠨ ᠰᠢᠨᠤᠯ ᠲᠠᠢ ᠪᠣᠯᠤᠭᠰᠠᠨ ᠬᠥᠮᠦᠰ ᠢ ᠡᠮᠨᠡᠨ ᠵᠠᠰᠠᠬᠤ ᠪᠠᠨ ᠵᠣᠭᠰᠣᠭᠠᠬᠤ ᠪᠠ ᠡᠷᠡᠭᠦᠯᠵᠢᠭᠦᠯᠬᠦ ᠬᠤᠶᠠᠷ ᠱᠠᠲᠤ  ᠦᠶ᠎ᠡ ᠬᠤᠪᠢᠶᠠᠨ᠎ᠠ᠃    01      ᠣᠨᠣᠰᠢᠯᠠᠨ ᠡᠮᠨᠡᠬᠦ ᠶᠢ ᠵᠣᠭᠰᠣᠭᠠᠬᠤ ᠱᠠᠲᠤ      ᠪᠦᠲᠦᠮᠵᠢᠲᠡᠶ ᠡᠮᠨᠡᠨ ᠵᠠᠰᠠᠬᠤ ᠲᠥᠯᠥᠪᠯᠡᠭᠡ ᠨᠢ ᠲᠠᠰᠤᠯᠳᠠᠯ ᠦᠭᠡᠢ ᠡᠮ ᠤᠨ ᠲᠤᠰ ᠪᠡᠶ᠎ᠡ ᠶᠢ ᠠᠩᠬᠠᠷᠬᠤ ᠪᠠᠷ ᠪᠠᠷᠠᠬᠤ ᠦᠭᠡᠢ ᠪᠠᠰᠠ ᠡᠪᠡᠳᠴᠢᠲᠡᠨ ᠤ ᠪᠦᠬᠦ ᠲᠠᠯ᠎ᠠ ᠶᠢᠨ ᠪᠡᠶ᠎ᠡ ᠰᠡᠳᠬᠢᠯ ᠤᠨ ᠳᠡᠮᠵᠢᠯᠭᠡ ᠪᠠ ᠡᠷᠡᠭᠦᠯᠵᠢᠯ ᠢ ᠠᠩᠬᠠᠷᠤᠨ᠎ᠠ᠃ ᠡᠮᠴᠢᠯᠡᠭᠡᠨ ᠤ ᠠᠩᠬᠠᠨ ᠤ ᠠᠯᠬᠤᠮ ᠪᠣᠯ ᠡᠮ ᠤᠨ ᠬᠡᠷᠡᠭᠯᠡᠯᠲᠡ ᠶᠢ ᠵᠣᠭᠰᠣᠭᠠᠬᠤ ᠶᠠᠪᠤᠳᠠᠯ ᠪᠣᠯᠣᠨ᠎ᠠ᠂ ᠡᠭᠦᠨ ᠢ ᠶᠡᠷᠦᠳᠡᠭᠡᠨ ᠡᠮᠨᠡᠯᠭᠡ ᠶᠢᠨ ᠬᠢᠨᠠᠯᠲᠠ ᠳᠣᠣᠷ᠎ᠠ ᠬᠢᠬᠦ ᠬᠡᠷᠡᠭᠲᠡᠢ᠃ ᠭᠡᠨᠡᠳᠲᠡ ᠡᠮ ᠢ ᠬᠡᠷᠡᠭᠯᠡᠬᠦ ᠶᠢ ᠵᠣᠭᠰᠣᠭᠠᠬᠤ ᠢᠯᠡᠷᠡᠯ ᠭᠠᠷᠴᠤ ᠮᠡᠳᠡᠨ᠎ᠡ᠂ ᠵᠢᠱᠢᠶᠡᠯᠡᠪᠡᠯ ᠵᠣᠪᠠᠭ᠋ᠤ᠂ ᠪᠤᠬᠢᠨᠢᠳᠤᠬᠤ᠂ ᠳᠤᠷ᠎ᠠ  ᠪᠤᠯᠢᠬᠤ᠂ ᠪᠥᠭᠡᠯᠵᠢᠬᠦ᠂ ᠬᠥᠯᠥᠰᠥ ᠭᠠᠷᠭᠠᠬᠤ᠂ ᠨᠤᠶᠢᠷ ᠠᠯᠳᠠᠬᠤ ᠵᠡᠷᠭᠡ᠃ ᠤᠷᠲᠤ ᠬᠤᠭᠤᠴᠠᠭ᠎ᠠ ᠪᠠᠷ ᠡᠮ ᠬᠡᠷᠡᠭᠯᠡᠬᠦ ᠬᠦᠮᠦᠰ ᠨᠢ ᠤᠨᠠᠳᠠᠭ ᠡᠪᠡᠳᠴᠢᠨ᠂ ᠵᠢᠷᠦᠬᠡᠨ ᠤ ᠬᠡᠮ ᠨᠢ ᠬᠡᠪ ᠤᠨ ᠪᠤᠰᠤ ᠪᠠᠶᠢᠬᠤ ᠵᠡᠷᠭᠡ ᠠᠮᠢ ᠨᠠᠰᠤ ᠶᠢ ᠬᠥᠨᠥᠭᠡᠬᠦ ᠬᠦᠨᠳᠦ ᠨᠣᠴᠢᠲᠠᠢ ᠪᠠᠶᠢᠳᠠᠯ ᠢᠯᠡᠷᠡᠳᠡᠭ᠃ ᠡᠶᠢᠮᠦ ᠠᠴᠠ ᠡᠮ ᠲᠠᠩ ᠢ ᠳᠤᠷ᠎ᠠ ᠪᠠᠷ ᠲᠠᠰᠤᠯᠵᠤ ᠪᠣᠯᠬᠤ ᠦᠭᠡᠢ᠃      ᠡᠬᠦᠨ ᠳᠤ ᠡᠮᠴᠢ ᠠᠭᠠᠵᠢᠮ ᠢᠶᠠᠷ ᠡᠮ ᠪᠠᠭᠠᠰᠬᠠᠬᠤ ᠠᠷᠭ᠎ᠠ ᠪᠣᠳᠣᠯᠭ᠎ᠠ ᠶᠢ ᠬᠡᠷᠡᠭᠯᠡᠵᠦ᠂ ᠡᠮ ᠤᠨ ᠬᠡᠮᠵᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠪᠠᠷ ᠳᠠᠮᠵᠢᠨ ᠡᠪᠡᠳᠴᠢᠨ ᠤ ᠪᠠᠶᠢᠳᠠᠯ ᠢ ᠨᠠᠮᠳᠠᠭᠠᠨ᠎ᠠ᠃ ᠵᠠᠷᠢᠮ  ᠪᠠᠶᠢᠳᠠᠯ ᠳᠣᠣᠷ᠎ᠠ᠂ ᠡᠮᠴᠢ ᠡᠮ ᠬᠡᠷᠡᠭᠯᠡᠨ ᠬᠡᠮᠵᠢᠶ᠎ᠡ ᠶᠢ ᠨᠢ ᠪᠠᠭᠠᠰᠬᠠᠬᠤ ᠶᠢ ᠣᠷᠣᠯᠠᠭᠤᠯᠵᠤ ᠮᠡᠳᠡᠨ᠎ᠡ᠂ ᠵᠢᠱᠢᠶᠡᠯᠡᠪᠡᠯ ᠳ᠋ᠢᠩ ᠪᠢᠩ ᠨᠦᠸᠧ ᠹᠧᠢ ᠶᠢ ᠣᠷᠣᠯ ᠠᠭᠤᠯᠪᠠᠯ᠂ ᠬᠡᠷᠡᠭᠯᠡᠬᠦ ᠭᠠᠵᠠᠷ ᠪᠠᠷᠠᠭᠤᠨ ᠭᠠᠷ ᠢᠶᠠᠷ ᠣᠯᠠᠨ ᠵᠦᠢᠯ ᠤᠨ ᠤᠨᠲᠠᠭᠤᠯᠬᠤ ᠡᠮ ᠵᠡᠷᠭᠡ ᠶᠢ  ᠤᠷᠤᠯᠠᠭᠤᠯᠤᠨ᠎ᠠ᠃ ᠡᠳᠡᠭᠡᠷ ᠡᠮ ᠨᠢ ᠶᠡᠭᠡ ᠲᠠᠷᠢᠬᠢᠨ ᠳᠤ ᠪᠠᠨ ᠠᠳᠠᠯᠢᠬᠠᠨ ᠬᠦᠯᠢᠶᠡᠭᠴᠢ ᠪᠡᠶ᠎ᠡ ᠳᠤ ᠵᠠᠷᠤᠴᠠᠭᠤᠯᠵᠤ᠂ ᠡᠪᠡᠳᠴᠢᠨ ᠳᠤ ᠨᠡᠷᠪᠡᠭᠳᠡᠭᠡᠳ ᠲᠣᠭᠲᠠᠭᠤᠨ ᠪᠠᠶᠢᠯᠭᠠᠬᠤ ᠡᠮ ᠪᠠᠶᠢᠬᠤ ᠦᠢᠭᠡᠢ ᠪᠠᠶᠢᠳᠠᠯ ᠳᠤ ᠱᠠᠯᠵᠢᠭᠦᠯᠦᠨ ᠥᠭᠳᠡᠭ ᠪᠠᠶᠢᠨ᠎ᠠ᠃ ᠡᠨᠡ ᠬᠦ ᠶᠠᠪᠤᠴᠠ ᠨᠢ ᠲᠠᠰᠤᠯᠳᠠᠯ ᠦᠭᠡᠢ ᠠᠮᠤᠷ ᠲᠦᠪᠰᠢᠨ ᠴᠢᠨᠠᠷ ᠢ ᠪᠠᠲᠤᠯᠠᠭᠰᠠᠨ ᠢᠶᠠᠷ ᠪᠠᠷᠠᠬᠤ ᠦᠭᠡᠢ ᠪᠠᠰᠠ ᠡᠪᠡᠳᠴᠢᠲᠡᠨ ᠤ ᠵᠣᠪᠠᠭᠤᠷᠢ ᠶᠢ ᠪᠠᠭᠠᠰᠬᠠᠵᠤ᠂ ᠡᠪᠡᠳᠴᠢᠲᠡᠨ ᠤ ᠳᠠᠭᠠᠬᠤ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠢ ᠶᠤᠮ᠃ ᠡᠭᠦᠨ ᠤ ᠬᠠᠮᠲᠤ᠂ ᠤᠭ ᠰᠠᠨᠠᠭ᠎ᠠ ᠨᠢ ᠡᠮᠴᠢᠯᠡᠬᠦ᠂ ᠰᠡᠳᠬᠢᠴᠡ ᠶᠢᠨ ᠵᠢᠯᠣᠭᠤᠳᠤᠯᠭ᠎ᠠ ᠶᠢ ᠴᠢᠩᠭᠠᠳᠬᠠᠬᠤ ᠨᠢ ᠡᠪᠡᠳᠴᠢᠲᠡᠨ ᠤ ᠬᠥᠯ ᠲᠠᠰᠤᠯᠬᠤ ᠤᠭ ᠰᠠᠨᠠᠭ᠎ᠠ ᠶᠢ ᠴᠢᠩᠭᠠᠳᠬᠠᠵᠤ ᠴᠢᠳᠠᠬᠤ ᠶᠤᠮ᠃ ᠡᠭᠦᠨ ᠠᠴᠠ ᠭᠠᠳᠠᠨ᠎ᠠ᠂ ᠡᠪᠡᠳᠴᠢᠲᠡᠨ ᠪᠠᠰᠠ ᠠᠩᠬ᠎ᠠ ᠡᠭᠦᠰᠦᠭᠰᠡᠨ ᠡᠪᠡᠳᠴᠢᠨ ᠡᠮᠭᠡᠭ ᠢ ᠢᠳᠡᠪᠬᠢᠲᠡᠶ ᠡᠮᠨᠡᠨ ᠵᠠᠰᠠᠨ᠎ᠠ᠃    02      ᠡᠷᠡᠭᠦᠯᠵᠢᠭᠦᠯᠬᠦ ᠡᠮᠴᠢᠯᠡᠭᠡᠨ ᠤ ᠱᠠᠲᠤ ᠦᠶ᠎ᠡ      ᠡᠮᠨᠡᠨ ᠵᠠᠰᠠᠬᠤ ᠪᠠᠨ ᠪᠣᠯᠢᠭᠰᠠᠨ ᠡᠪᠡᠳᠴᠢᠲᠡᠨ ᠡᠷᠡᠭᠦᠯᠵᠢᠭᠦᠯᠬᠦ ᠱᠠᠲᠤᠨ ᠳᠤ ᠣᠷᠣᠳᠠᠭ᠃ ᠡᠷᠡᠭᠦᠯᠵᠢᠭᠦᠯᠬᠦ ᠡᠮᠨᠡᠨ ᠵᠠᠰᠠᠬᠤ ᠵᠣᠷᠢᠯᠭ᠎ᠠ ᠨᠢ ᠰᠢᠨᠤᠯ ᠲᠠᠢ ᠪᠣᠯᠤᠭᠰᠠᠳ ᠢ ᠬᠠᠪᠰᠤᠷᠤᠨ ᠡᠮ ᠤᠨ ᠲᠦᠰᠢᠭ ᠦᠭᠡᠢ ᠠᠮᠢᠳᠤᠷᠠᠯ ᠤᠨ ᠪᠠᠶᠢᠳᠠᠯ ᠭᠠᠷᠭᠠᠵᠤ᠂ ᠳᠠᠬᠢᠨ ᠡᠭᠦᠰᠬᠦ ᠶᠢ ᠰᠡᠷᠭᠡᠶᠢᠯᠡᠬᠦ ᠶᠢᠨ ᠲᠥᠯᠥᠭᠡ ᠶᠤᠮ᠃ ᠡᠨᠡᠬᠦ ᠱᠠᠲᠤᠨ ᠳᠤ ᠰᠡᠳᠬᠢᠴᠡ ᠶᠢᠨ ᠵᠠᠰᠠᠯ ᠪᠠᠭᠲᠠᠨ᠎ᠠ᠂ ᠵᠢᠱᠢᠶᠡᠯᠡᠪᠡᠯ ᠲᠠᠨᠢᠨ ᠮᠡᠳᠡᠬᠦᠢ ᠶᠢᠨ ᠦᠢᠯᠡ ᠠᠵᠢᠯᠯᠠᠭ᠎ᠠ ᠶᠢᠨ ᠵᠠᠰᠠᠯᠭ᠎ᠠ ᠨᠢ ᠡᠪᠡᠳᠴᠢᠲᠡᠨ ᠢ ᠢᠯᠭᠠᠨ ᠲᠠᠨᠢᠬᠤ ᠪᠠ ᠡᠮ ᠢ ᠳᠤᠷ᠎ᠠ ᠪᠠᠷ ᠬᠡᠷᠡᠭᠯᠡᠭᠰᠡᠨ ᠰᠡᠳᠬᠢᠬᠦᠶ ᠶᠢᠨ ᠬᠡᠪ ᠵᠠᠭᠪᠤᠷ ᠪᠠ ᠦᠢᠯᠡ ᠠᠵᠢᠯᠯᠠᠭ᠎ᠠ ᠶᠢ ᠬᠤᠪᠢᠷᠠᠭᠤᠯᠤᠨ᠎ᠠ᠃      ᠭᠡᠷ ᠪᠦᠯᠢ ᠶᠢᠨ ᠡᠮᠴᠢᠯᠡᠭᠡ ᠪᠠ ᠨᠡᠶᠢᠭᠡᠮ ᠤᠨ ᠳᠡᠮᠵᠢᠯᠭᠡ ᠴᠤ ᠡᠷᠡᠭᠦᠯᠵᠢᠯ ᠤᠨ ᠱᠠᠲᠤ ᠦᠶ᠎ᠡ ᠶᠢᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠡᠪᠡᠳᠴᠢᠲᠡᠨ ᠢ ᠬᠠᠪᠰᠤᠷᠤᠨ ᠭᠡᠷ ᠪᠦᠯᠢ ᠪᠠ ᠨᠡᠶᠢᠭᠡᠮ ᠤᠨ ᠬᠠᠷᠢᠴᠠᠭ᠎ᠠ ᠶᠢ ᠳᠠᠬᠢᠨ ᠪᠠᠶᠢᠭᠤᠯᠵᠤ ᠪᠣᠯᠤᠨ᠎ᠠ᠃      ᠠᠵᠢᠯ ᠮᠡᠷᠭᠡᠵᠢᠯ ᠤᠨ ᠪᠣᠯᠪᠠᠰᠤᠷᠠᠭᠤᠯᠤᠯ᠂ ᠰᠤᠷᠭᠠᠨ ᠬᠥᠮᠦᠵᠢᠯ ᠤᠨ ᠳᠡᠮᠵᠢᠯᠭᠡ ᠪᠣᠯᠤᠨ ᠠᠮᠢᠳᠤᠷᠠᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠨᠢ ᠡᠪᠡᠳᠴᠢᠲᠡᠨ ᠤ ᠢᠲᠡᠭᠡᠯ ᠤᠨ ᠬᠡᠮᠵᠢᠶ᠎ᠡ ᠪᠣᠯᠤᠨ ᠨᠡᠶᠢᠭᠡᠮ ᠤᠨ ᠴᠢᠳᠠᠮᠵᠢ ᠶᠢ ᠨᠢ ᠳᠡᠭᠡᠭᠰᠢᠯᠡᠭᠦᠯᠵᠦ ᠪᠣᠯᠤᠨ᠎ᠠ᠃ ᠡᠭᠦᠨ ᠤ ᠬᠠᠮᠲᠤ᠂ ᠦᠷᠭᠦᠯᠵᠢᠯᠡᠨ ᠬᠢᠨᠠᠨ ᠬᠡᠮᠵᠢᠬᠦ ᠪᠠ ᠦᠨᠡᠯᠡᠨ ᠵᠢᠱᠢᠬᠦ ᠪᠣᠯ ᠪᠠᠰᠠ ᠴᠤ ᠴᠢᠬᠤᠯᠠᠲᠠᠢ ᠶᠤᠮ᠂ ᠡᠪᠡᠳᠴᠢᠲᠡᠨ ᠢ ᠡᠷᠡᠭᠦᠯᠵᠢᠭᠦᠯᠬᠦ ᠶᠠᠪᠤᠴᠠ ᠳᠤ ᠵᠣᠬᠢᠬᠤ ᠳᠡᠮᠵᠢᠯᠭᠡ ᠪᠠ ᠤᠷ᠎ᠠ ᠮᠡᠷᠭᠡᠰᠢᠯ ᠢᠶᠠᠷ ᠬᠠᠮᠢᠶᠠᠷᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠰᠠᠶᠢᠨ ᠰᠠᠶᠢᠬᠠᠨ ᠰᠢᠮ᠎ᠡ ᠲᠡᠵᠢᠭᠡᠯ᠂ ᠵᠣᠬᠢᠰᠲᠠᠶ ᠬᠥᠳᠡᠯᠭᠡᠭᠡᠨ ᠪᠠ ᠵᠢᠮ᠎ᠡ ᠶᠣᠰᠣ ᠲᠠᠢ ᠤᠨᠲᠠᠬᠤ ᠪᠣᠯ ᠡᠪᠡᠳᠴᠢᠲᠡᠨ ᠤ ᠡᠷᠡᠭᠦᠯᠵᠢᠬᠦ ᠶᠢᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠡᠪᠡᠳᠴᠢᠲᠡᠨ ᠢ ᠡᠵᠡᠮᠳᠡᠯ ᠢᠶᠠᠨ ᠠᠯᠳᠠᠵᠤ ᠴᠢᠳᠠᠬᠤ ᠶᠤᠮ᠃ ᠡᠷᠡᠭᠦᠯᠵᠢᠭᠦᠯᠬᠦ ᠡᠮᠴᠢᠯᠡᠭᠡ ᠳᠤ ᠡᠮ ᠬᠡᠷᠡᠭᠯᠡᠬᠦ ᠶᠢ ᠵᠣᠭᠰᠣᠭᠠᠬᠤ ᠮᠥᠷᠲᠡᠭᠡᠨ ᠪᠠᠰᠠ ᠪᠣᠳᠠᠭᠠᠯᠢ ᠪᠡᠶ᠎ᠡ ᠶᠢᠨ ᠪᠦᠬᠦᠯᠢ ᠴᠣᠭᠴᠠ ᠶᠢᠨ ᠡᠷᠡᠭᠦᠯ ᠮᠡᠨᠳᠦ ᠶᠢ ᠠᠩᠬᠠᠷᠴᠤ᠂ ᠡᠷᠡᠭᠦᠯ ᠰᠠᠷᠠᠭᠤᠯ ᠳᠡᠮᠵᠢᠯᠭᠡ ᠶᠢᠨ ᠴᠢᠨᠠᠷᠲᠠᠶ ᠠᠮᠢᠳᠤᠷᠠᠯ ᠤᠨ ᠣᠷᠴᠢᠨ ᠲᠣᠭᠤᠷᠢᠨ ᠢ ᠪᠠᠶᠢᠭᠤᠯᠬᠤ ᠬᠡᠷᠡᠭᠲᠡᠶ᠃                               ᠵᠤᠬᠢᠶᠠᠭᠴᠢ᠄ ᠡᠷᠡᠭᠦᠯ  ᠴᠢᠬᠢᠷᠠᠭ  ᠳᠤᠮᠳᠠᠳᠤ  ᠤᠯᠤᠰ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠡᠷᠡᠭᠦᠯ ᠴᠢᠬᠢᠷᠠᠭ ᠳᠤᠮᠳᠠᠳᠤ ᠤᠯᠤᠰ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3