ᠦ᠋ ᠭᠦ᠋ ᠴᠢᠤᠸᠠᠨ ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠡᠭᠦᠷᠭᠡ ᠲᠤᠰᠢᠶᠠᠯ ᠢᠶᠠᠨ ᠭᠦᠢᠴᠡᠳᠬᠡᠵᠦ ᠠᠷᠠᠳ ᠲᠦᠮᠡᠨ ᠳᠤ ᠦᠢᠯᠡᠴᠢᠯᠡᠬᠦ ︽ᠥᠴᠥᠬᠡᠨ ᠴᠦ ᠵᠠᠶᠢᠲᠠᠢ︾
ᠨᠡᠶᠢᠲᠡᠯᠡᠭᠰᠡᠨ ᠴᠠᠭ᠄
2024/6/26
     ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠣᠯᠠᠨ ᠲᠦᠮᠡᠨ ᠲᠠᠢ ᠬᠠᠷᠢᠯᠴᠠᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠲᠥᠯᠥᠭᠡᠯᠡᠭᠴᠢ ᠭᠡᠰᠢᠭᠦᠨ ᠪᠣᠯᠤᠨ ᠣᠯᠠᠨ ᠲᠦᠮᠡᠨ ᠤ ᠬᠤᠭᠤᠷᠣᠨᠳᠣᠬᠢ ᠬᠠᠷᠢᠯᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠡᠦ ᠭᠦ᠋ ᠴᠢᠤᠸᠠᠨ ᠰᠢᠶᠠᠩ ᠲᠥᠯᠥᠭᠡᠯᠡᠭᠴᠢ ᠭᠡᠰᠢᠭᠦᠳ ᠢ ᠵᠣᠬᠢᠶᠠᠨ ᠪᠠᠶᠢᠭᠤᠯᠤᠨ ᠬᠠᠷᠢᠯᠴᠠᠵᠤ ᠰᠤᠷᠪᠤᠯᠵᠢᠯᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠠᠵᠢᠯ ᠢ ᠥᠷᠨᠢᠭᠦᠯᠵᠦ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠪᠣᠯᠤᠨ ᠠᠷᠠᠳ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃     ᠲᠥᠯᠥᠭᠡᠯᠡᠭᠴᠢ ᠭᠡᠰᠢᠭᠦᠳ ᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤᠯᠲᠠ ᠥᠭᠴᠦ ᠲᠣᠰᠬᠤᠨ ᠤ ᠠᠷᠠᠳ ᠤᠨ ᠡᠷᠡᠭᠦᠯ ᠮᠡᠨᠳᠦ ᠪᠠᠲᠤᠯᠠᠭ᠎ᠠ ᠲᠠᠢ ᠪᠣᠯᠪᠠ      ᠣᠶᠢᠷ᠎ᠠ ᠳᠤ᠂ ᠡᠤ ᠬᠥ᠋ ᠴᠢᠤᠸᠠᠨ ᠰᠢᠶᠠᠩ ᠤᠨ ᠲᠥᠯᠥᠭᠡᠯᠡᠭᠴᠢ ᠭᠡᠰᠢᠭᠦᠨ ᠡᠮᠴᠢ ᠰᠤᠪᠢᠯᠠᠭᠴᠢᠳ ᠲᠠᠢ ᠬᠠᠷᠢᠯᠴᠠᠵᠤ᠂ ᠬᠥ᠋ ᠶᠢᠩ ᠫᠠᠨ ᠲᠣᠰᠬᠤᠨ ᠤ ᠪᠥᠬᠦ ᠠᠷᠠᠳ ᠲᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠪᠠ᠃ ᠲᠤᠬᠠᠶ ᠶᠢᠨ ᠲᠠᠯᠠᠪᠠᠶ ᠶᠢᠨ ᠡᠮᠴᠢ ᠰᠤᠪᠢᠯᠠᠭᠴᠢᠳ ᠲᠣᠰᠬᠤᠨ ᠤ ᠠᠷᠠᠳ ᠲᠤ ᠴᠢᠰᠤᠨ ᠳᠠᠷᠤᠯᠲᠠ ᠶᠢ ᠬᠡᠮᠵᠢᠬᠦ᠂ ᠴᠢᠰᠤ ᠲᠠᠲᠠᠵᠤ ᠰᠢᠯᠭᠠᠨ ᠪᠠᠶᠢᠴᠠᠭᠠᠬᠤ ᠵᠡᠷᠭᠡ ᠪᠡᠶ᠎ᠡ ᠶᠢᠨ ᠪᠠᠶᠢᠴᠠᠭᠠᠯᠲᠠ ᠶᠢᠨ ᠵᠦᠢᠯᠡᠰ ᠢ ᠬᠡᠷᠡᠭᠵᠢᠭᠦᠯᠪᠡ᠃ ᠡᠭᠦᠨ ᠤ ᠬᠠᠮᠲᠤ ᠲᠣᠰᠬᠤᠨ ᠤ ᠠᠷᠠᠳ ᠲᠤ ᠪᠠᠶᠢᠩᠭᠤ ᠬᠡᠷᠡᠭᠯᠡᠬᠦ ᠡᠮ ᠤᠨ ᠵᠦᠢᠯ ᠢ ᠰᠦᠢᠳᠬᠡᠯ ᠬᠤᠷᠢᠶᠠᠬᠤ ᠦᠭᠡᠢ ᠪᠠᠷ ᠣᠯᠭᠤᠪᠠ᠃      ᠲᠣᠰᠬᠤᠨ ᠤ ᠠᠷᠠᠳ ᠬᠡᠯᠡᠭᠰᠡᠨ ᠨᠢ᠄ ︽ᠮᠠᠨ ᠤ ᠲᠣᠰᠬᠤᠨ ᠤ ᠠᠷᠠᠳ ᠤᠨ ᠪᠦᠬᠦᠯᠢ ᠴᠣᠭᠴᠠ ᠶᠢᠨ ᠨᠠᠰᠤ ᠵᠢᠯ ᠨᠢ ᠨᠡᠯᠢᠶᠡᠳ ᠶᠡᠭᠡ᠂ ᠡᠷᠡᠭᠦᠯ ᠮᠡᠨᠳᠦ ᠶᠢᠨ ᠪᠠᠶᠢᠴᠠᠭᠠᠯᠲᠠ ᠳᠤ ᠳᠥᠭᠦᠮ ᠦᠭᠡᠢ᠃ ᠪᠢ ᠲᠥᠯᠥᠭᠡᠯᠡᠭᠴᠢ ᠭᠡᠰᠢᠭᠦᠳ ᠲᠤ ᠭᠦ᠋ ᠶᠢᠩ ᠫᠠᠨ ᠲᠣᠰᠬᠤᠨ ᠳᠤ ᠨᠢᠭᠡ ᠤᠳᠠᠭᠠᠨ ᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ ᠶᠢ ᠬᠦᠰᠡᠵᠦ ᠪᠠᠶᠢᠨ᠎ᠠ︾ ᠭᠡᠵᠦ ᠳᠤᠷᠠᠳᠪᠠ᠃ ᠲᠥᠯᠥᠭᠡᠯᠡᠭᠴᠢ ᠭᠡᠰᠢᠭᠦᠳ ᠤᠨ ᠢᠩᠭᠢᠵᠦ ᠴᠠᠭ ᠲᠤᠬᠠᠢ ᠳᠤᠨᠢ ᠮᠢᠨᠦ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠶᠢ ᠪᠣᠳᠣᠵᠤ ᠣᠯᠣᠭᠰᠠᠨ ᠦᠭᠡᠢ᠃      ᠲᠣᠰ ᠤᠳᠠᠭᠠᠨ ᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠨᠢ ᠲᠣᠰᠬᠤᠨ ᠤ ᠠᠷᠠᠳ ᠲᠤ ᠬᠠᠶᠢᠷ᠎ᠠ ᠬᠠᠯᠠᠮᠵᠢ ᠬᠦᠷᠲᠡᠭᠡᠬᠦ ᠪᠠᠷ ᠪᠠᠷᠠᠬᠤ ᠥᠬᠡᠶ ᠪᠠᠰᠠ ᠲᠥᠯᠥᠭᠡᠯᠡᠭᠴᠢ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ ᠦᠨᠡᠨᠴᠢ ᠢᠲᠡᠭᠡᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠠᠷᠠᠭᠠᠴᠢ ᠶᠢᠨ ᠠᠯᠬᠤᠮ ᠤᠨ ᠲᠥᠯᠥᠭᠡᠯᠡᠭᠴᠢ ᠭᠡᠰᠢᠭᠦᠳ ᠤᠨ ᠡᠭᠦᠷᠭᠡ ᠲᠤᠰᠢᠶᠠᠯ ᠢᠶᠠᠨ ᠥᠨᠳᠥᠷ ᠪᠦᠲᠦᠮᠵᠢᠲᠡᠶ ᠪᠠᠷ  ᠭᠦᠢᠴᠡᠳᠭᠡᠬᠦ ᠳᠤ ᠰᠠᠶᠢᠨ ᠰᠠᠭᠤᠷᠢ ᠲᠠᠯᠪᠢᠵᠤ ᠥᠭᠴᠡᠶ᠃      ᠲᠥᠯᠥᠭᠡᠯᠡᠭᠴᠢ ᠭᠡᠰᠢᠭᠦᠳ ᠲᠠᠷᠢᠶᠠᠨ ᠭᠠᠵᠠᠷ ᠲᠤ ᠭᠦᠨᠵᠡᠭᠡᠶᠢᠷᠡᠨ ᠲᠠᠷᠢᠮᠠᠯ ᠤᠨ ᠤᠷᠭᠤᠴᠠ ᠶᠢᠨ ᠪᠠᠶᠢᠳᠠᠯ ᠢ ᠣᠶᠢᠯᠠᠭᠠᠪᠠ      ᠲᠠᠷᠢᠮᠠᠯ ᠤᠨ ᠤᠷᠭᠤᠴᠠ ᠶᠢᠨ ᠪᠠᠶᠢᠳᠠᠯ ᠶᠠᠭ ᠬᠥᠭᠵᠢᠭᠰᠡᠨ ᠦᠶ᠎ᠡ ᠳᠤ᠂ ᠡᠦ ᠭᠦ᠋ ᠴᠢᠤᠸᠠᠨ ᠰᠢᠶᠠᠩ ᠤᠨ ᠬᠡᠰᠡᠭ ᠲᠥᠯᠥᠭᠡᠯᠡᠭᠴᠢ ᠭᠡᠰᠢᠭᠦᠨ ᠰᠢᠶᠤᠤ ᠵᠢᠩ ᠽᠢ ᠲᠣᠰᠬᠤᠨ ᠤ ᠲᠠᠷᠢᠮᠠᠯ ᠤᠨ ᠡᠷᠦᠬᠡ ᠶᠢᠨ ᠲᠥᠮᠥᠰᠥ ᠶᠢᠨ ᠭᠠᠵᠠᠷ ᠪᠠ ᠨᠣᠭᠤᠭᠠᠨ ᠢᠶᠠᠷ ᠨᠥᠭᠡᠴᠡᠯᠡᠬᠦ ᠡᠷᠳᠡᠨᠢ ᠰᠢᠰᠢ ᠶᠢᠨ ᠲᠠᠷᠢᠶᠠᠨ ᠳᠤ ᠬᠦᠷᠴᠦ᠂ ᠲᠠᠷᠢᠮᠠᠯ ᠤᠨ ᠡᠷᠦᠬᠡ ᠲᠠᠢ ᠭᠦᠨᠵᠡᠭᠡᠢ ᠶᠠᠷᠢᠯᠴᠠᠵᠤ᠂ ᠲᠠᠷᠢᠮᠠᠯ ᠤᠨ ᠤᠷᠭᠤᠯᠲᠠ ᠶᠢᠨ ᠪᠠᠶᠢᠳᠠᠯ᠂ ᠲᠠᠷᠢᠮᠠᠯ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃ ᠲᠠᠷᠢᠮᠠᠯ ᠤᠨ ᠡᠷᠦᠬᠡ ᠬᠡᠯᠡᠭᠰᠡᠨ ᠨᠢ᠄ ︽ᠪᠢ ᠨᠠᠢᠮᠠᠨ ᠵᠢᠯ ᠲᠠᠷᠢᠭᠠᠳ ᠲᠠᠷᠢᠮᠠᠯ ᠤᠨ ᠮᠡᠷᠭᠡᠵᠢᠯ ᠢ ᠰᠤᠷᠴᠤ᠂ ᠭᠠᠷᠤᠯᠲᠠ ᠪᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠵᠦ᠂ ᠮᠠᠨ ᠤ ᠰᠢᠶᠠᠩ ᠤᠨ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠼᠦᠢ ᠯᠢ ᠪᠢᠩ ᠨᠠᠳᠠ ᠳᠤ ᠮᠡᠷᠭᠡᠵᠢᠯ ᠤᠨ ᠵᠢᠯᠣᠭᠤᠳᠣᠯᠭ᠎ᠠ ᠪᠠ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠥᠬᠡᠶ᠂ ᠵᠥᠪᠬᠡᠨ ᠪᠢ ᠪᠣᠯᠬᠤ ᠪᠠᠷ ᠪᠠᠷᠠᠬᠤ ᠥᠬᠡᠶ᠂ ᠼᠦᠢ ᠯᠢ ᠪᠢᠩ ᠲᠥᠯᠥᠭᠡᠯᠡᠭᠴᠢ ᠶᠢᠨ ᠳᠠᠭᠠᠭᠤᠯᠭ᠎ᠠ ᠳᠣᠤᠷ᠎ᠠ᠂ ᠪᠥᠬᠦ ᠲᠣᠰᠬᠤᠨ ᠤ 16 ᠡᠷᠦᠬᠡ ᠶᠢᠨ ᠲᠠᠷᠢᠮᠠᠯ ᠤᠨ ᠦᠢᠯᠡᠰ ᠤᠨ ᠬᠡᠪᠴᠢᠶ᠎ᠡ ᠲᠠᠰᠤᠷᠠᠯᠲᠠ ᠥᠬᠡᠶ ᠬᠥᠭᠵᠢᠨ ᠪᠤᠵᠠᠭᠠᠶᠢᠷᠠᠵᠠᠶ᠃      ᠲᠠᠷᠢᠮᠠᠯ ᠤᠨ ᠡᠷᠦᠬᠡ ᠶᠢᠨ ︽ᠳᠠᠭᠠᠭᠤᠯᠤᠭᠴᠢ︾ ᠪᠣᠯᠤᠭᠰᠠᠨ ᠤ ᠬᠤᠪᠢ ᠳᠤ᠂ ᠠᠷᠠᠳ ᠣᠯᠠᠨ ᠤ ︽ᠣᠷᠣᠯᠠᠨ ᠥᠭᠦᠯᠡᠭᠴᠢ︾ ᠭᠡᠰᠡᠨ ᠦᠭᠡᠢ᠂ ᠲᠥᠯᠥᠭᠡᠯᠡᠭᠴᠢ ᠭᠡᠰᠢᠭᠦᠳ ᠢᠮᠠᠭᠲᠠ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠡᠭᠦᠷᠭᠡᠯᠡᠯ ᠢᠶᠠᠨ ᠪᠠᠲᠤ ᠰᠠᠬᠢᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠦᠨᠡᠨ ᠰᠡᠳᠬᠢᠯ ᠠᠴᠠ ᠪᠠᠨ ᠪᠢᠴᠢᠭᠯᠡᠪᠡ      ᠳᠠᠷᠠᠭᠠᠴᠢ ᠶᠢᠨ ᠠᠯᠬᠤᠮ ᠳᠤ᠂ ᠡᠦ ᠭᠦ᠋ ᠴᠢᠤᠸᠠᠨ ᠰᠢᠶᠠᠩ ᠦᠷᠭᠦᠯᠵᠢᠯᠡᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠵᠣᠬᠢᠶᠠᠨ ᠪᠠᠶᠢᠭᠤᠯᠤᠨ ᠰᠣᠩᠭᠤᠭᠤᠯᠢ ᠶᠢᠨ ᠠᠷᠠᠳ ᠤᠯᠠᠨ ᠲᠦᠮᠡᠨ ᠢ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠵᠤ᠂ ᠲᠥᠯᠥᠭᠡᠯᠡᠭᠴᠢ ᠭᠡᠰᠢᠭᠦᠳ ᠤᠨ ᠤᠯᠠᠨ ᠲᠦᠮᠡᠨ ᠲᠠᠢ ᠨᠡᠩ ᠣᠶᠢᠷᠠᠲᠤᠵᠤ᠂ ᠠᠷᠠᠳ ᠤᠨ ᠠᠮᠢᠳᠤᠷᠠᠯ ᠢ ᠨᠡᠩ ᠣᠶᠢᠯᠠᠭᠠᠵᠤ᠂ ᠠᠷᠠᠳ ᠤᠨ ᠵᠣᠪᠠᠨᠢᠯ ᠢ ᠨᠡᠩ ᠰᠢᠢᠳᠪᠦᠷᠢᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠠᠷᠠᠳ ᠤᠨ ᠲᠥᠯᠥᠭᠡ ᠦᠨᠡᠨᠴᠢ ᠰᠡᠳᠬᠢᠯᠭᠡ ᠪᠠᠨ ᠳᠡᠪᠰᠢᠭᠦᠯᠬᠦ ᠬᠡᠷᠡᠭᠲᠡᠢ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3