ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 9 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/27
     ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠤᠳᠤᠷᠢᠳᠬᠤ ᠺᠠᠳ᠋ᠷ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠰᠤᠷᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠤᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠥᠨ ᠵᠢᠯᠣᠭᠤᠳᠤᠨ᠎ᠠ᠃ 6 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠲᠥᠪᠯᠡᠷᠡᠭᠦᠯᠦᠨ ᠰᠤᠳᠤᠯᠤᠨ ᠶᠠᠷᠢᠯᠴᠠᠵᠤ ᠰᠣᠯᠢᠯᠴᠠᠬᠤ ᠬᠡᠯᠪᠡᠷᠢ ᠪᠠᠷ 2024 ᠣᠨ ᠤ 9 ᠳ᠋ᠦ᠋ᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠤᠷᠠᠯᠳᠤᠭᠤᠯᠪᠠ᠃      ᠠᠵᠢᠯᠯᠠᠭ᠎ᠠ ᠶᠢᠨ ᠳᠤᠮᠳᠠ᠂ ᠬᠤᠷᠠᠯ ᠳᠤ ᠣᠷᠣᠯᠴᠠᠭᠰᠠᠳ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠭᠥᠷᠳᠡᠵᠦ ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠠᠬᠢᠯᠭ᠎ᠠ ᠪᠠᠲᠤ ᠶᠢᠨ ᠤᠬᠠᠮᠰᠠᠷ ᠢ ᠴᠠᠭ ᠢᠮᠠᠭᠲᠠ ᠪᠠᠲᠤ ᠪᠣᠶ ᠪᠣᠯᠭᠠᠵᠤ ᠰᠠᠬᠢᠯᠭ᠎ᠠ ᠪᠠᠲᠤ ᠶᠢᠨ ᠬᠥᠪᠴᠢ ᠪᠠᠨ ᠴᠢᠩᠭᠠᠯᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠪᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ ᠲᠤ ᠲᠠᠩᠭᠠᠷᠢᠭᠯᠠᠬᠤ ᠶᠡᠭᠡ ᠲᠢᠩᠬᠢᠮ ᠳᠤ ᠬᠠᠮᠲᠤ ᠪᠠᠷ ᠨᠠᠮ ᠳᠤ ᠣᠷᠣᠬᠤ ᠲᠠᠩᠭᠠᠷᠢᠭ ᠤᠨ ᠦᠭᠡ ᠶᠢ ᠳᠠᠬᠢᠨ ᠤᠩᠰᠢᠪᠠ᠃      ᠲᠣᠭᠤᠷᠢᠨ ᠦᠵᠡᠬᠦ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠲᠥᠪᠯᠡᠷᠡᠭᠦᠯᠦᠨ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠨᠢ ︽ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠰᠢ ᠶᠢᠨ ᠫᠢᠩ ᠤᠨ ᠴᠢᠬᠤᠯᠠ ᠥᠭᠦᠯᠡᠯᠲᠡ︾ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃      ᠸᠠᠩ ᠬᠤᠢ ᠢᠦᠢ ᠴᠢᠬᠤᠯᠠᠴᠢᠯᠠᠭᠰᠠᠨ ᠨᠢ᠂ ᠤᠳᠤᠷᠢᠳᠬᠤ ᠺᠠᠳ᠋ᠷ ᠲᠤᠰ ᠪᠡᠶ᠎ᠡ ᠶᠢᠨ ᠬᠥᠮᠦᠵᠢᠯ ᠢ ᠰᠠᠶᠢᠲᠤᠷ ᠠᠳᠬᠤᠬᠤ ᠶᠢᠨ ᠬᠠᠮᠲᠤ᠂ ᠲᠦᠷᠦᠭᠦᠯᠡᠨ ᠱᠠᠯᠠᠪᠳᠠᠭᠤᠯᠤᠨ ᠠᠬᠢᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ᠂ ᠬᠠᠷᠢᠯᠴᠠᠵᠤ ᠪᠠᠶᠢᠭ᠎ᠠ ᠰᠢᠶᠠᠩ ᠪᠠᠯᠭᠠᠰᠤ ᠪᠣᠯᠤᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠬᠥᠳᠡᠯᠭᠡᠭᠡᠨ ᠢ ᠴᠢᠩᠭ᠎ᠠ ᠨᠠᠶᠢᠳᠠᠪᠤᠷᠢᠵᠢᠭᠤᠯᠬᠤ᠂ ᠦᠷ᠎ᠡ ᠪᠦᠲᠦᠮᠵᠢ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃      ᠸᠠᠩ ᠬᠤᠢ ᠢᠦᠢ ᠴᠢᠬᠤᠯᠠᠴᠢᠯᠠᠭᠰᠠᠨ ᠨᠢ᠂ ︽ᠪᠠᠶᠢᠩᠭᠤ ᠶᠢᠨ ᠪᠥᠭᠡᠳ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ︾ ᠳᠡᠭᠡᠷ᠎ᠡ ᠪᠣᠳᠠᠲᠠᠢ ᠠᠷᠭ᠎ᠠ ᠬᠡᠮᠵᠢᠶ᠎ᠡ ᠠᠪᠴᠤ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠪᠠᠲᠤᠯᠠᠬᠤ ᠬᠡᠷᠡᠭᠲᠡᠢ᠃ ᠥᠪᠡᠷ ᠢ ᠪᠠᠨ ᠱᠠᠭᠠᠷᠳᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠲᠦᠷᠦᠭᠦᠯᠡᠨ ᠪᠠᠶᠢᠩᠭᠤ ᠰᠤᠷᠤᠯᠴᠠᠬᠤ ᠂ ᠤᠷᠳᠤ ᠬᠤᠭᠤᠴᠠᠭ᠎ᠠ ᠪᠠᠷ ᠰᠤᠷᠤᠯᠴᠠᠬᠤ᠂ ᠳᠠᠭᠠᠵᠤ ᠰᠤᠷᠤᠯᠴᠠᠬᠤ ᠶᠢ ᠪᠡᠶᠡᠯᠡᠭᠦᠯᠵᠦ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠣᠯ ᠵᠤᠷᠢᠯᠳᠠ ᠴᠢᠬᠤᠯᠠ ᠠᠭᠤᠯᠭ᠎ᠠ ᠪᠣᠯᠤᠨ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠮᠡᠳᠡᠬᠦᠢ ᠬᠢᠬᠦᠢ ᠶᠢ ᠮᠡᠳᠡᠬᠦ᠂ ᠵᠠᠷᠯᠢᠭ ᠴᠠᠭᠠᠵᠠ ᠶᠢ ᠲᠠᠭᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠬᠡᠷᠡᠭᠲᠡᠶ᠃ ᠴᠢᠩᠭ᠎ᠠ ᠬᠠᠮᠢᠶᠠᠷᠬᠤ ᠪᠠ ᠭᠦᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ᠃ ᠺᠠᠳ᠋ᠷ ᠢ ᠴᠢᠩᠭ᠎ᠠ ᠬᠠᠮᠢᠶᠠᠷᠬᠤ ᠪᠠ ᠺᠠᠳ᠋ᠷ ᠢ ᠦᠨᠡᠨᠴᠢ ᠪᠠᠷ ᠬᠠᠯᠠᠮᠵᠢᠯᠠᠬᠤ ᠶᠢ ᠤᠶᠠᠯᠳᠤᠭᠤᠯᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠪᠠ ᠵᠣᠷᠢᠭᠲᠠᠢ ᠬᠢᠵᠦ ᠴᠢᠳᠠᠮᠠᠭᠠᠢ ᠪᠠᠷ ᠬᠢᠬᠦ ᠶᠢ ᠨᠢᠭᠡᠳᠬᠡᠵᠦ᠂ ᠲᠤᠭ ᠲᠡᠮᠳᠡᠭ ᠲᠣᠳᠣᠷᠬᠠᠢ ᠪᠠᠷ ᠠᠵᠢᠯ ᠬᠢᠵᠦ ᠦᠢᠯᠡᠰ ᠪᠣᠰᠬᠠᠭᠴᠢᠳ ᠲᠤ ᠲᠦᠰᠢᠭ ᠪᠤᠯᠵᠤ ᠡᠷᠴᠢ ᠵᠣᠷᠢᠭ ᠢᠶᠠᠨ ᠬᠥᠪᠴᠢᠯᠡᠪᠡ᠃      ᠸᠠᠩ ᠬᠤᠢ ᠢᠦᠢ ᠴᠢᠬᠤᠯᠠᠴᠢᠯᠠᠭᠰᠠᠨ ᠨᠢ᠂ ︽ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ︾ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠦᠨᠡᠨᠬᠦ ᠬᠤᠪᠢᠷᠠᠭᠤᠯᠬᠤ ᠬᠡᠷᠡᠭᠲᠡᠢ᠃ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠵᠢᠯ ᠢ ᠪᠣᠳᠠᠲᠠᠢ ᠠᠳᠬᠤᠬᠤ ᠬᠦᠴᠦᠯᠡᠬᠦ ᠴᠡᠭ ᠠᠴᠠ ᠭᠠᠷᠳᠠᠬᠤ ᠴᠡᠭ ᠢ ᠭᠦᠨᠵᠡᠭᠡᠢ ᠰᠦᠪᠡᠭᠴᠢᠯᠡᠬᠦ ᠬᠡᠷᠡᠭᠲᠡᠢ᠃ ᠡᠭᠦᠷᠭᠡᠯᠡᠯ ᠢᠶᠠᠨ ᠴᠢᠩᠭᠠᠳᠬᠠᠵᠤ᠂ ᠬᠥᠭᠵᠢᠯᠲᠡ ᠶᠢ ᠠᠬᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠥᠯᠥᠪᠵᠢᠭᠦᠯᠬᠦ ᠴᠢᠳᠠᠪᠤᠷᠢ᠂ ᠤᠯᠠᠨ ᠲᠦᠮᠡᠨ ᠲᠠᠢ ᠬᠠᠷᠢᠯᠴᠠᠵᠤ ᠦᠢᠯᠡᠴᠢᠯᠡᠬᠦ ᠴᠢᠳᠠᠪᠤᠷᠢ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠡᠯ᠎ᠡ ᠵᠦᠢᠯ ᠤᠨ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃      ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠬᠢᠨ ᠬᠡᠷ ᠲᠡᠭᠡᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠬᠤᠷᠠᠯ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3