ᠯᠢ ᠺᠠᠶ ᠳ᠋ᠦᠩ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/28
     6 ᠰᠠᠷ᠎ᠠ ᠶᠢᠨ 27᠎ ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠴᠧᠩ ᠭᠤᠸᠠᠨ ᠪᠠᠯᠭᠠᠰᠤᠨ ᠤ ᠡᠯ ᠳ᠋ᠤᠤ ᠾᠧ᠂ ᠡᠷᠳᠡᠨᠢ ᠪᠠᠯᠭᠠᠰᠤᠨ ᠤ ᠰᠠᠨ ᠫᠦ᠋ ᠤᠰᠤᠨ ᠴᠥᠭᠦᠷᠥᠮ ᠳᠤ ᠬᠦᠷᠴᠦ ᠭᠤᠤᠯ ᠤᠨ ᠵᠠᠮ ᠢ ᠵᠠᠰᠠᠬᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠧᠦ ᠷᠦᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠢ ᠺᠠᠶ ᠳ᠋ᠦᠩ ᠵᠢᠭᠠᠵᠤ ᠭᠠᠷᠭᠠᠭᠰᠠᠨ ᠨᠢ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠰᠡᠳᠬᠢᠴᠡ ᠶᠢ ᠲᠡᠪᠴᠢᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠣᠪᠣᠷ ᠢᠶᠠᠷ ᠡᠯ᠎ᠡ ᠵᠦᠢᠯ ᠤᠨ ᠭᠠᠮᠰᠢᠭ ᠢ ᠰᠡᠷᠭᠡᠶᠢᠯᠡᠬᠦ ᠠᠶᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠣᠯ ᠤᠨ ᠵᠠᠮ ᠤᠨ ᠬᠤᠶᠠᠷ ᠡᠷᠭᠢ᠂ ᠳᠡᠭᠡᠳᠦ ᠳᠤᠤᠷᠠᠳᠤ ᠤᠷᠤᠰᠬᠠᠯ ᠤᠨ ᠠᠶᠢᠯ ᠲᠣᠰᠬᠤᠨ ᠵᠡᠷᠭᠡ ᠣᠷᠣᠨ ᠪᠦᠰᠡ ᠳᠤ ᠲᠤᠰᠬᠠᠢ ᠬᠥᠮᠦᠨ ᠠᠩᠬᠠᠷᠴᠤ ᠭᠦᠢᠴᠡᠳᠬᠡᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠤᠤᠷᠢᠶᠠᠲᠤᠨ ᠳᠠᠭᠠᠵᠤ ᠬᠡᠷᠡᠭᠵᠢᠭᠦᠯᠬᠦ ᠶᠢᠨ ᠴᠠᠭ ᠲᠤᠬᠠᠢ ᠳᠤᠨᠢ ᠥᠨᠳᠥᠷ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠭᠦᠢᠴᠡᠳ ᠪᠡᠯᠡᠳᠬᠡᠵᠦ᠂ ᠡᠯ᠎ᠡ ᠲᠦᠷᠦᠯ ᠤᠨ ᠠᠶᠤᠯ ᠠᠴᠠ ᠠᠪᠤᠷᠠᠨ ᠲᠤᠰᠠᠯᠠᠬᠤ ᠬᠦᠴᠦᠨ ᠢ ᠵᠣᠬᠢᠶᠠᠨ ᠪᠠᠶᠢᠭᠤᠯᠤᠨ ᠲᠠᠶᠢᠴᠢᠯᠠᠵᠤ ᠲᠠᠶᠢᠨ ᠤ ᠪᠡᠯᠡᠳᠬᠡᠯ ᠤᠨ ᠪᠠᠶᠢᠳᠠᠯ ᠢ ᠪᠠᠲᠤᠯᠠᠵᠤ᠂ ᠭᠠᠮᠰᠢᠭ ᠬᠦᠷᠴᠦ ᠢᠷᠡᠬᠦ ᠦᠶ᠎ᠡ ᠳᠤ ᠥᠨᠳᠥᠷ ᠪᠦᠲᠦᠮᠵᠢᠲᠡᠢ ᠠᠷᠭᠠᠴᠠᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠠᠭ ᠠᠭᠤᠷ ᠤᠨ ᠬᠤᠪᠢᠷᠠᠯᠲᠠ ᠪᠠ ᠭᠠᠮᠰᠢᠭ ᠭᠠᠷᠤᠭᠰᠠᠨ ᠪᠠᠶᠢᠳᠠᠯ ᠢ ᠨᠢᠭᠲᠠ ᠠᠩᠬᠠᠷᠴᠤ᠂ ᠴᠢᠮᠡᠭᠡ ᠬᠤᠯᠪᠣᠭ᠎ᠠ ᠠᠪᠬᠤ ᠠᠷᠭ᠎ᠠ ᠵᠠᠮ ᠤᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠯᠢ ᠺᠠᠶ ᠳ᠋ᠦᠩ ᠴᠢᠬᠤᠯᠠᠴᠢᠯᠠᠭᠰᠠᠨ ᠨᠢ᠂ ᠤᠰᠤᠨ ᠴᠥᠭᠦᠷᠥᠮ ᠤᠨ ᠤᠰᠤᠨ ᠣᠷᠣᠨ ᠤ ᠬᠢᠨᠠᠨ ᠬᠡᠮᠵᠢᠯᠲᠡ᠂ ᠦᠶᠡᠷ ᠢ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠪᠠ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠡᠩᠨᠡᠭᠡᠨ ᠤ ᠪᠣᠳᠠᠲᠤ ᠪᠠᠶᠢᠯᠳᠤᠭᠠᠨ ᠤ ᠴᠢᠳᠠᠪᠤᠷᠢ ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠦᠨᠡᠨ ᠬᠦ ᠪᠠᠲᠤᠯᠠᠬᠤ ᠬᠡᠷᠡᠭᠲᠡᠶ᠃ ᠲᠤᠨᠳᠠᠰᠤᠨ ᠤ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ ᠮᠡᠳᠡᠭᠡ ᠵᠠᠩᠭᠢ ᠬᠤᠯᠪᠣᠯᠳᠤᠬᠤ ᠶᠢ ᠴᠢᠩᠭᠠᠳᠬᠠᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠠᠮᠤᠭ ᠤᠨ ᠲᠡᠷᠢᠭᠦᠨ ᠳᠤ ᠲᠣᠰᠬᠤᠨ᠂ ᠡᠷᠦᠬᠡ᠂ ᠬᠥᠮᠦᠨ ᠳᠤ ᠬᠦᠷᠲᠡᠯ᠎ᠡ ᠳᠠᠮᠵᠢᠭᠤᠯᠵᠤ᠂ ᠲᠦᠭᠰᠢᠭᠦᠷᠢ ᠶᠢ ᠳᠠᠭᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠢᠯᠠᠩᠭᠤᠶ᠎ᠠ ᠰᠤᠷᠤᠭᠴᠢᠳ ᠤᠨ ᠵᠣᠨ ᠤ ᠠᠮᠠᠷᠠᠯᠲᠠ ᠣᠶᠢᠷᠠᠳᠬᠤ ᠳᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠤᠬᠠᠭᠤᠯᠭ᠎ᠠ ᠶᠢ ᠰᠠᠶᠢᠲᠤᠷ ᠬᠢᠵᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3