ᠸᠠᠩ ᠬᠤᠢ ᠢᠦᠢ ᠪᠦᠬᠦ ᠰᠢᠶᠠᠨ ᠤ ᠤᠳᠤᠷᠢᠳᠬᠤ ᠺᠠᠳ᠋ᠷᠴᠤᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/6/28
     6 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠪᠦᠬᠦ ᠰᠢᠶᠠᠨ ᠤ ᠤᠳᠤᠷᠢᠳᠬᠤ ᠺᠠᠳ᠋ᠷᠴᠤᠳ ᠲᠤ ︽ᠰᠤᠷᠤᠯᠴᠠᠬᠤ ᠰᠠᠬᠢᠯᠭ᠎ᠠ ᠪᠠᠲᠤ ᠶᠢ ᠮᠡᠳᠡᠬᠦ ᠰᠠᠬᠢᠯᠭ᠎ᠠ ᠪᠠᠲᠤ ᠶᠢ ᠲᠣᠳᠣᠷᠬᠠᠢ ᠰᠠᠬᠢᠬᠤ ᠶᠢ ᠤᠷᠳᠤ ᠬᠤᠭᠤᠴᠠᠭ᠎ᠠ ᠪᠠᠷ ᠠᠬᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃      ᠸᠠᠩ ᠬᠤᠢ ᠢᠦᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠣᠯᠤᠨ ᠲᠣᠭᠲᠠᠭᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠰᠢᠬᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠠ ᠭᠤᠷᠪᠠᠨ ᠲᠠᠯ᠎ᠠ ᠪᠠᠷ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠪᠣᠯᠤᠨ ᠤᠯᠤᠰ ᠲᠦᠷᠦ ᠶᠢᠨ ᠴᠢᠨᠠᠷ ᠢ ᠲᠠᠶᠢᠯᠪᠤᠷᠢᠯᠠᠨ ᠥᠭᠴᠦ᠂ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠵᠢᠷᠤᠮᠯᠠᠬᠤ ᠳᠤ ᠭᠦᠨᠵᠡᠭᠡᠢ ᠲᠠᠶᠢᠯᠪᠤᠷᠢᠯᠠᠯᠲᠠ ᠬᠢᠵᠡᠢ᠃      ᠸᠠᠩ ᠬᠤᠢ ᠢᠦᠢ ᠬᠡᠯᠡᠬᠦ ᠳᠡᠭᠡᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠪᠦᠬᠦ ᠨᠠᠮ ᠤᠨ ᠦᠵᠡᠯ ᠰᠠᠨᠠᠭ᠎ᠠ ᠵᠣᠷᠢᠭ ᠰᠠᠨᠠᠭ᠎ᠠ ᠦᠢᠯᠡ ᠠᠵᠢᠯᠯᠠᠭ᠎ᠠ ᠶᠢ ᠨᠢᠭᠡᠳᠬᠡᠬᠦ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠶᠢᠨ ᠲᠤᠯᠭᠠᠮ᠎ᠠ ᠱᠠᠭᠠᠷᠳᠠᠯᠭ᠎ᠠ ᠮᠥᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠶᠢᠨ ᠲᠤᠯᠭᠠᠮ᠎ᠠ ᠱᠠᠭᠠᠷᠳᠠᠯᠭ᠎ᠠ ᠮᠥᠨ᠂ ᠪᠦᠬᠦ ᠰᠢᠶᠠᠨ ᠤ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠠᠬᠢᠭᠤᠯᠬᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠤᠯᠭᠠᠮ᠎ᠠ ᠱᠠᠭᠠᠷᠳᠠᠯᠭ᠎ᠠ ᠮᠥᠨ ᠭᠡᠳᠡᠭ ᠢ ᠭᠦᠨᠵᠡᠭᠡᠢ ᠤᠢᠢᠯᠠᠭᠠᠨ ᠡᠵᠡᠮᠰᠢᠬᠦ ᠬᠡᠷᠡᠭᠲᠡᠢ᠃      ᠸᠠᠩ ᠬᠤᠢ ᠢᠦᠢ ᠴᠢᠬᠤᠯᠠᠴᠢᠯᠠᠭᠰᠠᠨ ᠨᠢ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠰᠤᠷᠤᠯᠴᠠᠨ ᠲᠤᠭᠤᠰᠢᠯᠠᠭᠤᠯᠬᠤ ᠳᠤ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢ ᠨᠡᠩ ᠪᠦᠬᠦ ᠲᠠᠯ᠎ᠠ ᠪᠠᠷ ᠣᠨᠣᠪᠴᠢᠲᠠᠢ ᠡᠵᠡᠮᠰᠢᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠠᠮ ᠳᠠᠭᠠᠨ ᠦᠨᠡᠨᠴᠢ ᠰᠢᠳᠤᠷᠭᠤ ᠵᠠᠩ ᠰᠤᠷᠲᠠᠯ ᠢ ᠪᠤᠢ ᠪᠣᠯᠭᠠᠬᠤ ᠬᠡᠷᠡᠭᠲᠡᠢ ᠃ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠵᠣᠬᠢᠶᠠᠨ ᠪᠠᠶᠢᠭᠤᠯᠤᠯᠲᠠ ᠶᠢᠨ ᠦᠵᠡᠯᠲᠡ ᠪᠠᠨ ᠦᠨᠡᠨᠬᠦ ᠴᠢᠩᠭᠠᠳᠬᠠᠬᠤ ᠬᠡᠷᠡᠭᠲᠡᠶ᠃ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠤᠯᠠᠨ ᠲᠦᠮᠡᠨ ᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠵᠤᠵᠠᠭᠠᠳᠬᠠᠬᠤ ᠬᠡᠷᠡᠭᠲᠡᠢ᠃ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠠᠮᠢᠳᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠠᠶᠢᠨ ᠰᠠᠶᠢᠬᠠᠨ ᠶᠣᠰᠣ ᠮᠣᠷᠠᠯ ᠵᠠᠩ ᠰᠤᠷᠲᠠᠯ ᠢ ᠪᠤᠢ ᠪᠣᠯᠭᠠᠬᠤ ᠬᠡᠷᠡᠭᠲᠡᠢ᠃      ᠸᠠᠩ ᠬᠤᠢ ᠢᠦᠢ ᠴᠢᠬᠤᠯᠠᠴᠢᠯᠠᠭᠰᠠᠨ ᠨᠢ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠨᠠᠭᠰᠢᠳᠠ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ︽ᠭᠤᠷᠪᠠᠨ ᠵᠦᠢᠯ ᠤᠨ ᠠᠵᠢᠯ︾ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠷᠳᠤ ᠬᠤᠭᠤᠴᠠᠭ᠎ᠠ ᠪᠠᠷ ᠴᠢᠷᠮᠠᠶᠢᠵᠤ᠂ ᠲᠦᠷᠢᠮ ᠤᠨ ᠰᠢᠩᠭᠡᠯᠢᠭ ᠢ ᠪᠦᠬᠦ ᠲᠠᠯ᠎ᠠ ᠪᠠᠷ ᠴᠢᠩᠭ᠎ᠠ ᠰᠦᠯᠵᠢᠵᠦ᠂ ᠡᠯ᠎ᠡ ᠵᠦᠢᠯ ᠤᠨ ᠠᠵᠢᠯ ᠢ ᠬᠠᠤᠯᠢ ᠲᠦᠷᠢᠮ ᠤᠨ ᠵᠥᠪᠰᠢᠶᠡᠷᠡᠬᠦ ᠬᠡᠪᠴᠢᠶᠡᠨ ᠳᠤ ᠶᠠᠪᠤᠭᠳᠠᠭᠤᠯᠬᠤ ᠶᠢ ᠪᠠᠲᠤᠯᠠᠵᠤ᠂ ᠰᠠᠬᠢᠯᠭ᠎ᠠ ᠪᠠᠲᠤ ᠲᠦᠷᠢᠮ ᠲᠣᠭᠲᠠᠭᠠᠯ ᠢ ᠵᠥᠷᠢᠴᠡᠭᠰᠡᠨ ᠡᠯ᠎ᠡ ᠲᠦᠷᠦᠯ ᠤᠨ ᠠᠰᠠᠭᠤᠳᠠᠯ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ᠃ ᠨᠠᠮ ᠤᠨ ᠳᠣᠲᠣᠭᠠᠳᠤ ᠶᠢᠨ ᠬᠢᠨᠠᠯᠲᠠ ᠪᠠᠷ ᠤᠳᠤᠷᠢᠳᠤᠮᠵᠢ ᠪᠣᠯᠭᠠᠬᠤ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠬᠢᠨᠠᠯᠲᠠ ᠲᠠᠯᠪᠢᠬᠤ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ᠂ ᠨᠡᠪᠲᠡᠷᠡᠯᠴᠡᠭᠦᠯᠦᠨ ᠠᠭᠤᠰᠤᠯᠴᠠᠭᠤᠯᠬᠤ ᠶᠢ ᠠᠬᠢᠭᠤᠯᠵᠤ᠂ ᠮᠡᠳᠡᠭᠡ ᠵᠠᠩᠭᠢ ᠶᠢ ᠨᠡᠪᠲᠡᠷᠡᠯᠴᠡᠭᠦᠯᠬᠦ᠂ ᠠᠷᠭ᠎ᠠ ᠬᠡᠮᠵᠢᠶ᠎ᠡ ᠶᠢ ᠬᠠᠮᠵᠢᠯᠴᠠᠭᠤᠯᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠪᠠ ᠦᠷ᠎ᠡ ᠪᠦᠲᠦᠭᠡᠯ ᠢ ᠬᠠᠮᠲᠤᠪᠠᠷ ᠬᠡᠷᠡᠭᠯᠡᠬᠦ ᠶᠢ ᠴᠢᠩᠭᠠᠳᠬᠠᠵᠤ᠂ ᠪᠠᠶᠢᠩᠭᠤ ᠠᠳᠬᠤᠵᠤ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠲᠠᠯᠪᠢᠬᠤ ᠬᠠᠮᠲᠤᠷᠠᠯ ᠤᠨ ᠬᠦᠴᠦᠨ ᠢ ᠦᠨᠡᠨᠬᠦ ᠨᠢᠭᠲᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠨᠠᠷᠢᠨ ᠨᠢᠮᠪᠠᠢ ᠲᠥᠯᠥᠪᠵᠢᠭᠦᠯᠦᠨ ᠪᠠᠶᠢᠷᠢᠯᠠᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠠᠢ ᠦᠷ᠎ᠡ ᠪᠦᠲᠦᠮᠵᠢ ᠪᠠᠷ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃      ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠭᠡᠷ ᠲᠡᠭᠡᠨ ᠤᠳᠤᠷᠢᠳᠴᠤ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3