6 ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ | ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠴᠧᠩ ᠭᠤᠸᠠᠨ ᠪᠠᠯᠭᠠᠰᠤᠨ ᠤ ᠡᠯ ᠳ᠋ᠤᠤ ᠾᠧ᠂ | ᠡᠷᠳᠡᠨᠢ ᠪᠠᠯᠭᠠᠰᠤᠨ ᠤ ᠰᠠᠨ ᠫᠦ᠋ ᠤᠰᠤᠨ ᠴᠥᠭᠦᠷᠥᠮ ᠳᠤ ᠬᠦᠷᠴᠦ ᠭᠤᠤᠯ ᠤᠨ ᠵᠠᠮ ᠢ ᠵᠠᠰᠠᠬᠤ᠂ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠵᠧᠦ ᠷᠦᠢ | ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠯᠢ ᠺᠠᠶ ᠳ᠋ᠦᠩ ᠵᠢᠭᠠᠵᠤ ᠭᠠᠷᠭᠠᠭᠰᠠᠨ ᠨᠢ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ | ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠰᠡᠳᠬᠢᠴᠡ ᠶᠢ ᠲᠡᠪᠴᠢᠵᠦ᠂ ᠠᠵᠢᠯ ᠤᠨ | ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠣᠪᠣᠷ ᠢᠶᠠᠷ ᠡᠯ᠎ᠡ ᠵᠦᠢᠯ ᠤᠨ | ᠭᠠᠮᠰᠢᠭ ᠢ ᠰᠡᠷᠭᠡᠶᠢᠯᠡᠬᠦ ᠠᠶᠤᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠬᠡᠷᠡᠭᠲᠡᠢ᠃ | ᠭᠤᠣᠯ ᠤᠨ ᠵᠠᠮ ᠤᠨ ᠬᠤᠶᠠᠷ ᠡᠷᠭᠢ᠂ ᠳᠡᠭᠡᠳᠦ ᠳᠤᠤᠷᠠᠳᠤ ᠤᠷᠤᠰᠬᠠᠯ ᠤᠨ ᠠᠶᠢᠯ ᠲᠣᠰᠬᠤᠨ ᠵᠡᠷᠭᠡ ᠣᠷᠣᠨ | ᠪᠦᠰᠡ ᠳᠤ ᠲᠤᠰᠬᠠᠢ ᠬᠥᠮᠦᠨ ᠠᠩᠬᠠᠷᠴᠤ ᠭᠦᠢᠴᠡᠳᠬᠡᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠴᠤᠤᠷᠢᠶᠠᠲᠤᠨ ᠳᠠᠭᠠᠵᠤ ᠬᠡᠷᠡᠭᠵᠢᠭᠦᠯᠬᠦ ᠶᠢᠨ ᠴᠠᠭ ᠲᠤᠬᠠᠢ ᠳᠤᠨᠢ ᠥᠨᠳᠥᠷ ᠪᠦᠲᠦᠮᠵᠢᠲᠡᠢ | ᠪᠠᠶᠢᠬᠤ ᠶᠢ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠪᠠᠴᠢᠮ | ᠪᠠᠶᠢᠳᠠᠯ ᠢ ᠠᠷᠭᠠᠴᠠᠬᠤ ᠡᠳ᠋ ᠪᠣᠳᠠᠰ ᠢ ᠭᠦᠢᠴᠡᠳ ᠪᠡᠯᠡᠳᠬᠡᠵᠦ᠂ ᠡᠯ᠎ᠡ ᠲᠦᠷᠦᠯ ᠤᠨ ᠠᠶᠤᠯ ᠠᠴᠠ ᠠᠪᠤᠷᠠᠨ | ᠲᠤᠰᠠᠯᠠᠬᠤ ᠬᠦᠴᠦᠨ ᠢ ᠵᠣᠬᠢᠶᠠᠨ ᠪᠠᠶᠢᠭᠤᠯᠤᠨ ᠲᠠᠶᠢᠴᠢᠯᠠᠵᠤ ᠲᠠᠶᠢᠨ ᠤ ᠪᠡᠯᠡᠳᠬᠡᠯ ᠤᠨ ᠪᠠᠶᠢᠳᠠᠯ ᠢ ᠪᠠᠲᠤᠯᠠᠵᠤ᠂ | ᠭᠠᠮᠰᠢᠭ ᠬᠦᠷᠴᠦ ᠢᠷᠡᠬᠦ ᠦᠶ᠎ᠡ ᠳᠤ ᠥᠨᠳᠥᠷ ᠪᠦᠲᠦᠮᠵᠢᠲᠡᠢ ᠠᠷᠭᠠᠴᠠᠬᠤ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ | ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠴᠠᠭ ᠠᠭᠤᠷ ᠤᠨ ᠬᠤᠪᠢᠷᠠᠯᠲᠠ ᠪᠠ ᠭᠠᠮᠰᠢᠭ ᠭᠠᠷᠤᠭᠰᠠᠨ ᠪᠠᠶᠢᠳᠠᠯ ᠢ ᠨᠢᠭᠲᠠ ᠠᠩᠬᠠᠷᠴᠤ᠂ | ᠴᠢᠮᠡᠭᠡ ᠬᠤᠯᠪᠣᠭ᠎ᠠ ᠠᠪᠬᠤ ᠠᠷᠭ᠎ᠠ ᠵᠠᠮ ᠤᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠯᠢ ᠺᠠᠶ ᠳ᠋ᠦᠩ ᠴᠢᠬᠤᠯᠠᠴᠢᠯᠠᠭᠰᠠᠨ ᠨᠢ᠂ ᠤᠰᠤᠨ ᠴᠥᠭᠦᠷᠥᠮ ᠤᠨ ᠤᠰᠤᠨ ᠣᠷᠣᠨ ᠤ ᠬᠢᠨᠠᠨ ᠬᠡᠮᠵᠢᠯᠲᠡ᠂ | ᠦᠶᠡᠷ ᠢ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠪᠠ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ | ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠡᠩᠨᠡᠭᠡᠨ ᠤ ᠪᠣᠳᠠᠲᠤ ᠪᠠᠶᠢᠯᠳᠤᠭᠠᠨ ᠤ ᠴᠢᠳᠠᠪᠤᠷᠢ | ᠪᠠ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠦᠨᠡᠨ ᠬᠦ ᠪᠠᠲᠤᠯᠠᠬᠤ ᠬᠡᠷᠡᠭᠲᠡᠶ᠃ | ᠲᠤᠨᠳᠠᠰᠤᠨ ᠤ ᠪᠠᠶᠢᠳᠠᠯ ᠢ ᠴᠠᠭ ᠲᠤᠬᠠᠶ ᠳᠤᠨᠢ ᠠᠩᠬᠠᠷᠴᠤ᠂ ᠮᠡᠳᠡᠭᠡ ᠵᠠᠩᠭᠢ ᠬᠤᠯᠪᠣᠯᠳᠤᠬᠤ ᠶᠢ ᠴᠢᠩᠭᠠᠳᠬᠠᠨ᠂ | ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ | ᠬᠠᠮᠤᠭ ᠤᠨ ᠲᠡᠷᠢᠭᠦᠨ ᠳᠤ ᠲᠣᠰᠬᠤᠨ᠂ ᠡᠷᠦᠬᠡ᠂ ᠬᠥᠮᠦᠨ ᠳᠤ ᠬᠦᠷᠲᠡᠯ᠎ᠡ ᠳᠠᠮᠵᠢᠭᠤᠯᠵᠤ᠂ ᠲᠦᠭᠰᠢᠭᠦᠷᠢ ᠶᠢ | ᠳᠠᠭᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠢᠯᠠᠩᠭᠤᠶ᠎ᠠ | ᠰᠤᠷᠤᠭᠴᠢᠳ ᠤᠨ ᠵᠣᠨ ᠤ ᠠᠮᠠᠷᠠᠯᠲᠠ ᠣᠶᠢᠷᠠᠳᠬᠤ ᠳᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ᠤᠰᠤᠨ ᠳᠤ ᠵᠢᠪᠬᠦ ᠶᠢ ᠰᠡᠷᠭᠡᠶᠢᠯᠡᠬᠦ ᠤᠬᠠᠭᠤᠯᠭ᠎ᠠ ᠶᠢ ᠰᠠᠶᠢᠲᠤᠷ ᠬᠢᠵᠦ᠂ ᠣᠯᠠᠨ | ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |