ᠰᠠᠶᠢᠬᠤᠰᠤ ᠪᠠᠯᠭᠠᠰᠤ ᠬᠤᠶᠠᠷ ᠢ ᠬᠦᠷᠢᠶᠡᠯᠡᠬᠦ ᠠᠵᠢᠯ ᠢ ᠣᠨᠣᠪᠴᠢᠲᠠᠶ ᠠᠬᠢᠭᠤᠯᠵᠤ ᠪᠣᠶ
ᠨᠡᠶᠢᠲᠡᠯᠡᠭᠰᠡᠨ ᠴᠠᠭ᠄
2024/6/28
    ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠪᠣᠯ ᠮᠠᠨ ᠤ ᠨᠠᠮ ᠮᠠᠨ ᠤ ᠴᠡᠷᠢᠭ ᠤᠨ ᠢᠷᠠᠭᠤ ᠠᠯᠳᠠᠷᠲᠤ ᠤᠯᠠᠮᠵᠢᠯᠠᠯ ᠮᠥᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠭᠤᠯᠭ᠎ᠠ ᠮᠥᠨ᠂ ᠡᠶᠢᠮᠦ ᠠᠴᠠ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠂ ᠡᠨᠡ ᠵᠢᠯ ᠠᠴᠠ ᠨᠠᠰᠢ᠂ ᠮᠠᠨ ᠤ ᠪᠠᠯᠭᠠᠰᠤᠨ ᠤ ᠬᠤᠶᠠᠷ ᠢ ᠬᠦᠷᠢᠶᠡᠯᠡᠬᠦ ᠠᠵᠢᠯ ᠰᠢᠶᠠᠨ ᠤ ᠨᠠᠮ ᠤᠨ ᠬᠤᠷᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠤᠳᠤᠷᠢᠳᠤᠯᠭ᠎ᠠ ᠳᠣᠤᠷ᠎ᠠ᠂ ᠳᠡᠭᠡᠳᠦ ᠱᠠᠲᠤᠨ ᠤ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠳᠤ ᠰᠠᠭᠤᠷᠢᠯᠠᠨ᠂ ᠶᠡᠭᠡ ᠲᠠᠯ᠎ᠠ ᠳᠤ ᠦᠢᠯᠡᠴᠢᠯᠡᠵᠦ᠂ ᠪᠥᠲᠥᠭᠡᠨ ᠪᠠᠶᠢᠭᠤᠯᠤᠯᠲᠠ ᠶᠢ ᠴᠢᠬᠤᠯᠠᠴᠢᠯᠠᠪᠠ᠃ ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ᠂ ᠴᠡᠷᠢᠭ ᠠᠷᠠᠳ ᠵᠢᠭᠠᠰᠤ ᠤᠰᠤ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃ ᠬᠤᠶᠠᠷ ᠢ ᠬᠦᠷᠢᠶᠡᠯᠡᠬᠦ ᠠᠵᠢᠯ ᠤᠨ ᠪᠠᠶᠢᠬᠤᠯᠤᠯᠲᠠ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠤᠬᠤᠷᠢᠨ ᠢ ᠪᠤᠢ ᠪᠤᠯᠬᠠᠪᠠ᠃      ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠤᠶᠠᠷ ᠢ ᠬᠦᠷᠢᠶᠡᠯᠡᠬᠦ ︽ᠠᠵᠢᠯ ᠤᠨ ᠲᠣᠣᠷ︾ ᠢ ᠨᠢᠭᠲᠠ ᠰᠦᠯᠵᠢᠪᠡ᠃ ᠮᠠᠨ ᠤ ᠪᠠᠯᠭᠠᠰᠤ ᠬᠤᠶᠠᠷ ᠢ ᠬᠦᠷᠢᠶᠡᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠶᠠᠷ ᠢ ᠬᠦᠷᠢᠶᠡᠯᠡᠬᠦ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠤᠶᠠᠷ ᠢ ᠬᠦᠷᠢᠶᠡᠯᠡᠬᠦ ᠠᠵᠢᠯ ᠤᠨ ᠳᠠᠯᠳᠠ ᠬᠦᠴᠦᠨ ᠢ ᠲᠠᠰᠤᠷᠠᠯᠲᠠ ᠦᠭᠡᠢ ᠠᠭᠤᠳᠠᠯᠬᠤ ᠬᠡᠷᠡᠭᠲᠡᠢ᠃      ᠬᠤᠶᠠᠷ ᠲᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠤᠶᠠᠷ ᠢ ᠬᠦᠷᠢᠶᠡᠯᠡᠬᠦ ︽ᠠᠭᠤᠷ ᠠᠮᠢᠰᠬᠤᠯ ᠤᠯᠠᠶᠢᠵᠤ ᠬᠦᠷᠢᠶᠡᠯᠡᠬᠦ︾ ᠶᠢ ᠪᠤᠢ ᠪᠣᠯᠭᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ᠂ ᠬᠤᠶᠠᠷ ᠢ ᠬᠦᠷᠢᠶᠡᠯᠡᠬᠦ ᠦᠢᠯᠡ ᠠᠵᠢᠯᠯᠠᠭ᠎ᠠ ᠶᠢ ᠤᠬᠠᠭᠤᠯᠵᠤ᠂ ᠴᠡᠷᠢᠭ ᠤᠨ ᠰᠡᠳᠬᠢᠯ ᠠᠷᠠᠳ ᠤᠨ ᠰᠡᠳᠬᠢᠯ ᠢ ᠨᠢᠭᠲᠠᠷᠠᠭᠤᠯᠤᠨ᠎ᠠ᠃ ᠪᠦᠬᠦ ᠪᠠᠯᠭᠠᠰᠤᠨ ᠳᠤ ᠴᠡᠷᠢᠭ ᠢᠶᠠᠨ ᠬᠠᠶᠢᠷᠠᠯᠠᠬᠤ᠂ ᠴᠡᠷᠢᠭ ᠠᠴᠠ ᠰᠤᠷᠠᠬᠤ᠂ ᠴᠡᠷᠢᠭ ᠢᠶᠠᠨ ᠬᠦᠷᠢᠶᠡᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ ᠮᠠᠨ ᠤ ᠪᠠᠯᠭᠠᠰᠤ ᠣᠯᠠᠨ ᠵᠦᠢᠯ ᠤᠨ ᠬᠡᠯᠪᠡᠷᠢ ᠶᠢ ᠠᠪᠴᠤ᠂ ᠦᠨᠳᠦᠰᠦᠨ ᠱᠠᠲᠤᠨ ᠤ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ᠂ ᠡᠯ᠎ᠡ ᠵᠦᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ 10 ᠭᠠᠷᠤᠶ ᠤᠳᠠᠭ᠎ᠠ ᠥᠷᠨᠢᠭᠦᠯᠪᠡ᠃     ᠭᠤᠷᠪᠠ ᠳᠤ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠬᠤᠶᠠᠷ ᠢ ᠬᠦᠷᠢᠶᠡᠯᠡᠬᠦ ︽ᠬᠠᠷᠠᠭᠠᠯᠵᠠᠯ︾ ᠢ ᠦᠨᠡᠨᠬᠦ ᠪᠠᠲᠤᠯᠠᠪᠠ᠃ ᠡᠯ᠎ᠡ ᠵᠦᠢᠯ ᠤᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤ ᠨᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠰᠠᠷᠠᠨ ᠬᠠᠷᠠᠭᠠᠯᠵᠠᠬᠤ ᠮᠥᠩᠭᠦ ᠶᠢ ᠴᠠᠭ ᠲᠤᠬᠠᠢ ᠳᠤ ᠨᠢ ᠣᠯᠭᠤᠬᠤ ᠶᠢ ᠪᠠᠲᠤᠯᠠᠨ᠎ᠠ᠃ ᠠᠰᠠᠷᠠᠨ ᠬᠠᠷᠠᠭᠠᠯᠵᠠᠬᠤ ᠡᠲᠡᠭᠡᠳ ᠤᠨ ᠬᠠᠤᠯᠢ ᠶᠣᠰᠣᠨ ᠤ ᠡᠷᠬᠡ ᠶᠢ ᠪᠦᠲᠦᠮᠵᠢᠲᠡᠶ ᠪᠠᠷ ᠪᠠᠲᠤᠯᠠᠵᠤ᠂ ᠥᠷᠭᠡᠨ ᠣᠯᠠᠨ ᠠᠰᠠᠷᠠᠨ ᠬᠠᠷᠠᠭᠠᠯᠵᠠᠬᠤ ᠡᠲᠡᠭᠡᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠪᠡ᠃      ᠲᠦᠷᠪᠡ ᠳᠤ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠬᠤᠶᠠᠷ ᠢ ᠬᠦᠷᠢᠶᠡᠯᠡᠬᠦ ︽ᠲᠤᠰᠤᠯᠲᠠ︾ ᠢ ᠲᠣᠳᠣᠷᠬᠠᠶᠢᠯᠠᠪᠠ᠃ ᠦᠨᠡᠨᠴᠢ ᠦᠢᠯᠡᠴᠢᠯᠡᠭᠡᠨ ᠤ ᠣᠨᠣᠯᠵᠢᠬᠤᠨ ᠢ ᠦᠢᠯᠡᠳᠦᠯᠭᠡᠵᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠲᠥᠷᠥ ᠶᠢᠨ ᠪᠣᠳᠣᠯᠭ᠎ᠠ ᠶᠢ ᠨᠢᠭᠡ ᠯᠡ ᠥᠷᠲᠡᠭᠡᠨ ᠤ ᠮᠠᠶ᠋ᠢᠭ ᠢᠶᠠᠷ ᠪᠠᠶᠢᠴᠠᠭᠠᠨ ᠯᠠᠪᠯᠠᠬᠤ ᠶᠢ ᠪᠡᠶᠡᠯᠡᠭᠦᠯᠦᠨ᠎ᠡ᠃ ᠠᠵᠢᠯ ᠤᠨ ᠡᠭᠦᠷᠭᠡ ᠬᠠᠷᠢᠭᠤᠴᠠᠯᠭ᠎ᠠ᠂ ᠲᠦᠷᠢᠮ᠂ ᠦᠢᠯᠡᠴᠢᠯᠡᠭᠡᠨ ᠤ ᠠᠮᠠᠯᠠᠯᠲᠠ ᠪᠦᠬᠦᠨ ᠢ ᠬᠡᠷᠡᠮ ᠳᠤ ᠭᠠᠷᠭᠠᠵᠤ᠂ ᠠᠮᠢᠳᠤᠷᠠᠯ ᠨᠢ ᠬᠦᠴᠢᠷᠲᠡᠶ ᠪᠤᠶᠤ ᠬᠦᠨᠳᠦ ᠡᠪᠡᠳᠴᠢᠨ ᠡᠮᠭᠡᠭ ᠵᠡᠷᠭᠡ ᠠᠴᠠ ᠪᠣᠯᠵᠣ ᠣᠨᠴᠠᠭᠠᠶ ᠬᠦᠴᠢᠷᠳᠡᠯ ᠣᠷᠣᠰᠢᠵᠤ ᠪᠠᠶᠢᠭ᠎ᠠ ᠴᠡᠷᠢᠭ ᠠᠴᠠ ᠬᠠᠯᠠᠭᠳᠠᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠢ ᠰᠤᠷᠪᠤᠯᠵᠢᠯᠠᠨ ᠲᠣᠬᠤᠨᠢᠭᠤᠯᠬᠤ ᠪᠠ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠶᠢ ᠤᠶᠠᠯᠳᠤᠭᠤᠯᠬᠤ ᠪᠠᠷ ᠳᠠᠮᠵᠢᠭᠤᠯᠤᠨ᠂ ᠪᠣᠳᠠᠲᠠᠶ ᠬᠦᠴᠢᠷᠳᠡᠯ ᠢ ᠨᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠰᠢᠢᠳᠪᠦᠷᠢᠯᠡᠨ᠎ᠡ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3