ᠵᠠᠩ ᠭᠤᠤ ᠪᠠᠯᠭᠠᠰᠤᠨ ᠤ ︽ᠭᠤᠷᠪᠠᠨ ᠵᠠᠩᠭᠢᠯᠠᠭ᠎ᠠ︾ ᠤᠰᠤ ᠠᠷᠪᠢᠯᠠᠬᠤ ᠲᠠᠷᠢᠶᠠᠯᠠᠩ ᠤᠨ ᠬᠥᠭᠵᠢᠯᠲᠡ ᠶᠢ ᠪᠣᠳᠠᠲᠠᠶ ᠠᠳᠬᠤᠪᠠ
ᠨᠡᠶᠢᠲᠡᠯᠡᠭᠰᠡᠨ ᠴᠠᠭ᠄
2024/6/28
    ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠶᠢᠨ ᠲᠥᠯᠥᠭᠡ᠂ ᠲᠠᠷᠢᠶᠠᠨ ᠭᠠᠵᠠᠷ ᠤᠨ ᠤᠰᠤ ᠠᠷᠪᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠨᠡ ᠵᠢᠯ ᠠᠴᠠ ᠨᠠᠰᠢ᠂ ᠵᠠᠩ ᠭᠤᠤ ᠪᠠᠯᠭᠠᠰᠤ ︽ᠭᠤᠷᠪᠠᠨ ᠵᠠᠩᠭᠢᠯᠠᠭ᠎ᠠ︾ ᠪᠠᠷ ᠭᠠᠷᠳᠠᠴᠠ ᠪᠣᠯᠭᠠᠵᠤ᠂ ᠥᠨᠳᠥᠷ ᠪᠦᠲᠦᠮᠵᠢᠲᠡᠢ ᠲᠠᠷᠢᠶᠠᠯᠠᠩ ᠤᠨ ᠤᠰᠤ ᠠᠷᠪᠢᠯᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠨᠡᠨ ᠬᠦ ᠰᠠᠶᠢᠲᠤᠷ ᠬᠢᠪᠡ᠃      ᠨᠢᠭᠡ ᠳᠤ᠂ ︽ᠮᠡᠷᠭᠡᠵᠢᠯ︾ ᠭᠡᠬᠦ ᠡᠨᠡ ᠬᠦ ᠵᠠᠩᠭᠢᠯᠠᠭ᠎ᠠ ᠶᠢ ᠠᠳᠬᠤᠵᠤ᠂ ᠤᠰᠤ ᠠᠷᠪᠢᠯᠠᠬᠤ ᠲᠥᠬᠦᠭᠡᠷᠦᠮᠵᠢ ᠶᠢᠨ ᠰᠠᠭᠤᠷᠢ ᠶᠢ ᠪᠠᠬᠢᠵᠢᠭᠦᠯᠪᠡ᠃ ᠵᠠᠩ ᠭᠤᠤ ᠪᠠᠯᠭᠠᠰᠤᠨ ᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠶᠢ ᠪᠠᠶᠢᠭᠤᠯᠵᠤ᠂ ᠬᠠᠭᠤᠴᠢᠷᠠᠭᠰᠠᠨ ᠪᠠ ᠬᠠᠭᠤᠴᠢᠷᠠᠭᠰᠠᠨ ᠤᠰᠤᠯᠠᠯᠲᠠ ᠶᠢᠨ ᠲᠥᠬᠦᠭᠡᠷᠦᠮᠵᠢ ᠶᠢ ᠰᠢᠨᠡᠳᠬᠡᠵᠦ᠂ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠵᠡᠷᠭᠡ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠢ ᠦᠷᠭᠦᠯᠵᠢᠯᠡᠨ ᠳᠡᠯᠭᠡᠷᠡᠭᠦᠯᠦᠨ᠎ᠡ᠃ ᠬᠤᠶᠠᠷ ᠲᠤ᠂ ︽ᠬᠠᠮᠢᠶᠠᠷᠬᠤ︾ ᠡᠨᠡᠬᠦ ᠵᠠᠩᠭᠢᠯᠠᠭ᠎ᠠ ᠶᠢ ᠠᠳᠬᠤᠵᠤ᠂ ᠤᠰᠤ ᠠᠷᠪᠢᠯᠠᠬᠤ ᠬᠠᠮᠢᠶᠠᠷᠤᠯᠲᠠ ᠶᠢᠨ ᠲᠣᠭᠲᠠᠴᠠ ᠶᠢ ᠴᠢᠩᠭᠠᠳᠬᠠᠨ᠎ᠠ᠃ ᠲᠠᠷᠢᠶᠠᠴᠢᠨ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠬᠡᠷᠡᠭᠯᠡᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠳᠤᠰᠤᠯ ᠤᠰᠤ ᠨᠢᠭᠡᠪᠦᠷᠢ ᠶᠢ ᠴᠥᠮ ᠵᠦᠢ ᠵᠣᠬᠢᠰᠲᠠᠶ ᠠᠰᠢᠭᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ ᠂ ︽ᠤᠬᠠᠭᠤᠯᠬᠤ︾ ᠡᠨᠡ ᠬᠦ ᠵᠠᠩᠭᠢᠯᠠᠭ᠎ᠠ ᠶᠢ ᠠᠳᠬᠤᠵᠤ᠂ ᠤᠰᠤ ᠠᠷᠪᠢᠯᠠᠬᠤ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠦᠨ᠎ᠡ᠃ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠡᠷᠬᠢᠯᠡᠬᠦ᠂ ᠤᠰᠤ ᠠᠷᠪᠢᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠰᠤ ᠠᠷᠪᠢᠯᠠᠬᠤ ᠮᠡᠳᠡᠯᠭᠡ ᠶᠢ ᠲᠦᠭᠡᠮᠡᠯᠵᠢᠭᠦᠯᠵᠦ᠂ ᠲᠠᠷᠢᠶᠠᠴᠢᠨ ᠡᠷᠦᠬᠡ ᠳᠤ ᠤᠰᠤ ᠠᠷᠪᠢᠯᠠᠬᠤ ᠶᠢᠨ ᠴᠢᠬᠤᠯᠠ ᠴᠢᠨᠠᠷ ᠢ ᠭᠦᠨᠵᠡᠭᠡᠶ ᠲᠠᠨᠢᠭᠤᠯᠪᠠ᠃      ᠤᠰᠤ ᠠᠷᠪᠢᠯᠠᠬᠤ ᠤᠰᠤᠯᠠᠯᠲᠠ ᠨᠢ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠪᠦᠬᠦ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠨᠢ ᠴᠣ ᠰᠢᠨ᠎ᠡ ᠠᠮᠢᠵᠢᠷᠠᠯ ᠤᠨ ᠬᠦᠴᠦᠨ ᠢ ᠠᠪᠴᠢᠷᠠᠭᠰᠠᠨ ᠪᠠᠶᠢᠨ᠎ᠠ᠃ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠨᠢ ᠵᠠᠩ ᠭᠤᠤ ᠪᠠᠯᠭᠠᠰᠤᠨ ᠳᠤ 24 ᠡᠷᠦᠬᠡ ᠶᠢᠨ ᠥᠷᠭᠡᠰᠦᠲᠦ ᠨᠣᠭᠤᠭ᠎ᠠ ᠳᠠᠷᠢᠬᠤ ᠭᠤᠤᠯ ᠴᠣᠭᠴᠠ ᠶᠢ ᠠᠮᠵᠢᠯᠲᠠ ᠲᠠᠢ ᠬᠠᠮᠤᠷᠴᠤ᠂ 9000 ᠭᠠᠷᠤᠶ ᠮᠥ ᠲᠠᠷᠢᠮᠠᠯ ᠤᠨ ᠲᠠᠯᠠᠪᠠᠢ ᠶᠢ ᠬᠠᠮᠤᠷᠪᠠ᠃ ᠡᠨᠡ ᠬᠦ ᠠᠷᠭ᠎ᠠ ᠬᠡᠮᠵᠢᠶ᠎ᠡ ᠨᠢ ᠲᠠᠷᠢᠶᠠᠨ ᠭᠠᠵᠠᠷ ᠤᠨ ᠤᠰᠤᠯᠠᠯᠲᠠ ᠶᠢᠨ ᠠᠷᠭ᠎ᠠ ᠬᠡᠯᠪᠡᠷᠢ ᠶᠢ ᠰᠢᠯᠢᠳᠡᠭᠵᠢᠭᠦᠯᠦᠭᠰᠡᠨ ᠢᠶᠠᠷ ᠪᠠᠷᠠᠬᠤ ᠥᠬᠡᠶ᠂ ᠲᠠᠷᠢᠶᠠᠴᠢᠨ ᠡᠷᠦᠬᠡ ᠳᠤ ᠨᠠᠩ ᠥᠨᠳᠥᠷ ᠠᠵᠤ ᠠᠬᠤᠶ ᠶᠢᠨ ᠠᠰᠢᠭ ᠣᠷᠣᠯᠭ᠎ᠠ ᠣᠯᠭᠤᠭᠰᠠᠨ ᠪᠠᠶᠢᠨ᠎ᠠ᠃ ᠪᠦᠷᠢᠳᠬᠡᠭᠰᠡᠨ ᠢᠶᠠᠷ᠂ ᠪᠥᠬᠦ ᠪᠠᠯᠭᠠᠰᠤ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠰᠤᠯᠠᠯᠲᠠ ᠶᠢᠨ ᠤᠰᠤᠨ ᠠᠰᠢᠭᠯᠠᠯᠲᠠ ᠶᠢᠨ ᠨᠣᠷᠮ᠎ᠠ ᠶᠢ 90% ᠪᠣᠯᠲᠠᠯ᠎ᠠ ᠳᠡᠭᠡᠭᠰᠢᠯᠡᠭᠦᠯᠪᠡ᠃      ᠳᠠᠷᠠᠭᠠᠴᠢ ᠶᠢᠨ ᠠᠯᠬᠤᠮ ᠳᠤ᠂ ᠵᠠᠩ ᠭᠤᠤ ᠪᠠᠯᠭᠠᠰᠤ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢ ᠪᠦᠳᠦᠭᠦᠯᠢᠭ ᠪᠥᠭᠡᠳ ᠳᠣᠣᠷ᠎ᠠ ᠦᠷ᠎ᠡ ᠠᠰᠢᠭ ᠠᠴᠠ ᠠᠷᠪᠢᠲᠠᠢ ᠥᠨᠳᠥᠷ ᠪᠦᠲᠦᠮᠵᠢᠲᠡᠢ ᠪᠣᠯᠭᠠᠬᠤ ᠲᠡᠰᠢ ᠬᠤᠪᠢᠷᠠᠭᠤᠯᠬᠤ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠵᠤ᠂ ᠤᠰᠤ ᠠᠷᠪᠢᠯᠠᠬᠤ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠪᠤᠢ ᠪᠣᠯᠭᠠᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3