ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠴᠠᠭ ᠲᠤᠩᠭᠤᠷᠠᠭᠤᠯᠤᠨ ᠲᠣᠭᠠᠯᠠᠪᠠ ᠮᠠᠨ ᠤ ᠰᠢᠶᠠᠨ ᠪᠦᠬᠦ ᠬᠦᠴᠦᠨ ᠢᠶᠠᠷ ᠢᠶᠠᠨ ᠠᠶᠠᠯᠠᠯ ᠬᠠᠮᠠᠭᠠᠯᠠᠵᠤ ᠤᠯᠤᠰ ᠤᠨ ᠰᠢᠯᠭᠠᠯᠲᠠ ᠳᠤ ᠪᠡᠯᠡᠳᠬᠡᠵᠦ  ᠪᠠᠶᠢᠨ᠎ᠠ
ᠨᠡᠶᠢᠲᠡᠯᠡᠭᠰᠡᠨ ᠴᠠᠭ᠄
2024/6/3
     ᠠᠷᠪᠠᠨ ᠵᠢᠯ ᠨᠢᠭᠡ ᠰᠤᠮᠤ ᠪᠢᠯᠡᠭᠦᠳᠡᠵᠦ᠂ ᠵᠢᠷᠭᠤᠭᠠᠨ ᠰᠠᠷ᠎ᠠ ᠬᠤᠷᠴᠠ ᠬᠤᠰᠢᠭᠤ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠤᠳᠠᠯ ᠥᠬᠡᠶ ᠬᠦᠷᠴᠦ ᠢᠷᠡᠬᠦ ᠭᠡᠵᠦ ᠪᠠᠶᠢᠨ᠎ᠠ᠂ ᠮᠠᠨ ᠤ ᠰᠢᠶᠠᠨ ᠰᠢᠶᠠᠨ ᠤ ᠬᠡᠪᠴᠢᠶᠡᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂ ᠳᠠᠪᠲᠠᠵᠤ ᠰᠢᠯᠭᠠᠯᠲᠠ ᠳᠤ ᠪᠡᠯᠡᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃      ᠰᠤᠷᠪᠤᠯᠵᠢᠯᠠᠭᠴᠢ ᠰᠤᠷᠭᠠᠭᠤᠯᠢ ᠶᠢᠨ ᠬᠦᠷᠢᠶᠡᠨ ᠳᠤ᠂ ᠰᠤᠷᠭᠠᠭᠤᠯᠢ ᠶᠢᠨ ᠬᠦᠷᠢᠶᠡᠨ ᠳᠤ ᠣᠷᠣᠵᠤ ᠰᠢᠯᠭᠠᠯᠲᠠ ᠳᠤ ᠪᠡᠯᠡᠳᠬᠡᠬᠦ ᠠᠭᠤᠷ ᠠᠮᠢᠰᠬᠤᠯ ᠮᠠᠰᠢ ᠭᠦᠨ ᠵᠤᠵᠠᠭᠠᠨ ᠪᠠᠶᠢᠨ᠎ᠠ᠃ ᠠᠩᠬᠢ ᠶᠢᠨ ᠭᠡᠷ ᠲᠤ ᠰᠤᠷᠤᠭᠴᠢᠳ ᠪᠤᠶᠤ ᠨᠢᠭᠡ ᠰᠡᠳᠬᠢᠯ ᠢᠶᠠᠷ ᠵᠣᠷᠢᠭ ᠰᠢᠭᠤᠳᠴᠤ ᠳᠠᠪᠲᠠᠯᠲᠠ ᠬᠢᠬᠦ ᠪᠤᠶᠤ ᠪᠠᠭᠰᠢ ᠨᠠᠷ ᠠᠴᠠ ᠠᠰᠠᠭᠤᠯᠲᠠ ᠠᠰᠠᠭᠤᠬᠤ ᠳᠤ᠂ ᠣᠯᠠᠨ ᠢᠶᠠᠷ ᠢᠶᠠᠨ ᠶᠠᠭ ᠢᠳᠡᠪᠬᠢᠲᠡᠢ ᠪᠠᠶᠢᠳᠠᠯ ᠢᠶᠠᠷ ᠰᠢᠯᠭᠠᠯᠲᠠ ᠶᠢ ᠤᠭᠲᠤᠬᠤ ᠳᠠᠪᠲᠠᠯᠲᠠ ᠳᠤᠮᠳᠠ ᠰᠣᠭᠲᠣᠭᠤᠷᠠᠵᠤ ᠪᠠᠶᠢᠯ᠎ᠠ᠃      ᠣᠶᠢᠯᠠᠭᠠᠭᠰᠠᠨ ᠢᠶᠠᠷ᠂ ᠮᠠᠨ ᠤ ᠰᠢᠶᠠᠨ ᠤ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠢᠯᠭᠠᠭᠤᠯᠤᠭᠴᠢ ᠨᠡᠶᠢᠲᠡ 860 ᠬᠥᠮᠦᠨ ᠪᠠᠶᠢᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠠᠵᠢᠯ ᠢ ᠡᠬᠢᠯᠡᠭᠦᠯᠦᠭᠰᠡᠨ ᠠᠴᠠ ᠨᠠᠰᠢ᠂ ᠰᠤᠷᠭᠠᠨ ᠬᠥᠮᠦᠵᠢᠯ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠰᠤᠷᠤᠭᠴᠢᠳ ᠤᠨ ᠰᠤᠷᠬᠤ᠂ ᠰᠢᠯᠭᠠᠬᠤ ᠂ ᠢᠳᠡᠬᠦ᠂ ᠰᠠᠭᠤᠬᠤ᠂ ᠶᠠᠪᠤᠬᠤ ᠶᠢ ᠪᠥᠬᠦ ᠲᠠᠯ᠎ᠠ ᠪᠠᠷ ᠪᠠᠲᠤᠯᠠᠪᠠ᠃ ᠰᠡᠳᠬᠢᠯ ᠳᠤᠯᠠᠭᠠᠴᠠᠭᠤᠯᠤᠨ ᠰᠤᠷᠤᠭᠴᠢᠳ ᠤᠨ ᠤᠷᠮ᠎ᠠ ᠰᠡᠳᠬᠢᠯᠭᠡ ᠶᠢ ᠬᠥᠲᠥᠯᠥᠨ ᠵᠢᠯᠣᠭᠤᠳᠬᠤ ᠶᠢ ᠥᠷᠨᠢᠭᠦᠯᠵᠦ᠂ ᠰᠢᠯᠭᠠᠯᠲᠠ ᠳᠤ ᠣᠷᠣᠯᠴᠠᠬᠤ ᠠᠷᠭ᠎ᠠ ᠪᠣᠳᠣᠯᠭ᠎ᠠ ᠶᠢ ᠨᠠᠷᠢᠯᠢᠭ ᠬᠢᠵᠦ᠂ ᠰᠢᠯᠭᠠᠭᠤᠯᠤᠭᠰᠠᠳ ᠢ ᠬᠠᠪᠰᠤᠷᠤᠨ ᠢᠲᠡᠭᠡᠯ ᠢ ᠨᠢ ᠨᠡᠮᠡᠭᠳᠡᠭᠦᠯᠦᠨ᠂ ᠰᠢᠯᠭᠠᠯᠲᠠ ᠳᠤ ᠯᠠᠪᠳᠠᠭᠤᠨ ᠲᠣᠭᠲᠠᠭᠤᠨ ᠢᠶᠠᠷ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠳᠠᠪᠲᠠᠵᠤ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠢ ᠢᠮᠠᠭᠲᠠ ᠰᠠᠶᠢᠨ ᠰᠠᠶᠢᠬᠠᠨ ᠪᠠᠶᠢᠳᠠᠯ ᠲᠠᠢ ᠪᠣᠯᠭᠠᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3