ᠯᠢ ᠺᠠᠶ ᠳ᠋ᠦᠩ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/3
     5 ᠰᠠᠷ᠎ᠠ ᠶᠢᠨ 31᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠮᠠᠨ ᠤ ᠰᠢᠶᠠᠨ ᠤ ᠠᠶᠤᠯᠭᠦᠶ ᠦᠢᠯᠡᠳᠪᠦᠷᠢᠯᠷᠯ ᠤᠨ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠶ ᠬᠤᠩ ᠯᠢᠶᠠᠩ᠂ ᠰᠢᠶᠠᠨ ᠤ ᠳᠡᠳ᠋ ᠳᠠᠷᠤᠭ᠎ᠠ ᠵᠣᠣ ᠬᠤᠶ ᠵᠢᠤᠢ᠂ ᠾᠧᠦ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠢ ᠺᠠᠶ ᠳ᠋ᠦᠩ ᠨᠡᠷ ᠴᠢ ᠬᠤᠶ ᠬᠡᠤᠬᠡᠳ ᠤᠨ ᠴᠡᠴᠡᠷᠯᠢᠭ ᠤᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ᠂ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠶᠢᠨ ᠪᠠᠶᠢᠳᠠᠯ ᠪᠣᠯᠤᠨ ᠪᠠᠷᠢᠯᠭ᠎ᠠ ᠶᠢᠨ ᠠᠮᠤᠷ ᠲᠦᠪᠰᠢᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠠᠮᠤᠷ ᠲᠦᠪᠰᠢᠨ ᠪᠣᠯ ᠬᠥᠭᠵᠢᠯᠲᠡ ᠶᠢᠨ ᠤᠷᠢᠲᠠᠯ ᠮᠥᠨ᠂ ᠬᠥᠭᠵᠢᠯᠲᠡ ᠪᠣᠯ ᠠᠮᠤᠷ ᠲᠦᠪᠰᠢᠨ ᠤ ᠪᠠᠲᠤᠯᠠᠭ᠎ᠠ ᠮᠥᠨ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠴᠢᠳᠠᠪᠤᠷᠢ ᠪᠣᠯᠤᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠦᠷᠦᠯ ᠵᠦᠢᠯ ᠤᠨ ᠲᠥᠯᠥᠪᠵᠢᠭᠦᠯᠭᠡ ᠶᠢ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠦᠷᠦᠯ ᠵᠦᠢᠯ ᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃      ᠲᠢᠶᠠᠨ ᠾᠧ ᠨᠡᠭᠦᠷᠡᠰᠦᠲᠥ᠋ᠷᠥᠭᠴᠢ ᠶᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠰᠢᠨ᠎ᠡ ᠦᠢᠯᠡᠳᠪᠦᠷᠢᠯᠡᠯ ᠤᠨ ᠱᠤᠭᠤᠮ ᠢ ᠲᠤᠬᠢᠷᠠᠭᠤᠯᠤᠨ ᠲᠤᠷᠰᠢᠬᠤ᠂ ᠲᠤᠷᠰᠢᠨ ᠦᠢᠯᠡᠳᠪᠦᠷᠢᠯᠡᠬᠦ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠯᠢ ᠺᠠᠶ ᠳ᠋ᠦᠩ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠲᠤᠷᠰᠢᠨ ᠦᠢᠯᠡᠳᠪᠦᠷᠢᠯᠡᠬᠦ ᠪᠣᠯ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠠᠮᠠᠷᠬᠠᠨ ᠡᠭᠦᠰᠬᠦ ᠭᠤᠭᠴᠤᠭ᠎ᠠ ᠮᠥᠨ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠢᠶᠠᠷᠤᠯᠲᠠ ᠪᠠᠨ ᠴᠢᠩᠭᠠᠳᠬᠠᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠮᠤᠷ ᠲᠦᠪᠰᠢᠨ ᠤ ᠪᠠᠶᠢᠴᠠᠭᠠᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ ᠠᠵᠤ ᠠᠬᠤᠶᠢᠯᠠᠯ ᠤᠳ ᠠᠵᠢᠯᠲᠠᠨ ᠠᠵᠢᠯᠴᠢᠨ ᠤ ᠠᠶᠤᠯ ᠦᠭᠡᠶ ᠶᠢᠨ ᠪᠣᠯᠪᠠᠰᠤᠷᠠᠭᠤᠯᠤᠯ ᠬᠥᠮᠦᠵᠢᠯ ᠢ ᠦᠨᠡᠨᠬᠦ ᠴᠢᠩᠭᠠᠳᠬᠠᠨ᠂ ᠲᠤᠰᠬᠠᠶ ᠮᠡᠷᠭᠡᠵᠢᠯ ᠤᠨ ᠠᠵᠢᠯᠲᠠᠨ ᠢ ᠲᠤᠬᠠᠶ ᠶᠢᠨ ᠭᠠᠵᠠᠷ ᠲᠤᠨᠢ ᠬᠢᠨᠠᠨ ᠡᠵᠡᠮᠳᠡᠵᠦ ᠵᠢᠭᠠᠨ ᠵᠢᠯᠣᠭᠤᠳᠬᠤ ᠶᠢ ᠪᠠᠲᠤᠯᠠᠵᠤ᠂ ᠲᠤᠷᠰᠢᠨ ᠦᠢᠯᠡᠳᠪᠦᠷᠢᠯᠡᠬᠦ ᠬᠤᠭᠤᠴᠠᠭᠠᠨ ᠳᠠᠬᠢ ᠠᠶᠤᠯ ᠦᠭᠡᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3