ᠮᠠᠨ ᠤ ᠰᠢᠶᠠᠨ 2024 ᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/6/3
    ᠮᠠᠨ ᠤ ᠰᠢᠶᠠᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠬᠡᠪ ᠴᠢᠨᠠᠷ ᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 31᠎ ᠤ ᠡᠳᠦᠷ᠂ ᠮᠠᠨ ᠤ ᠰᠢᠶᠠᠨ ᠪᠥᠬᠦ ᠰᠢᠶᠠᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠡᠷᠭᠢᠯᠡᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠢᠶᠣᠤ ᠷᠦᠩ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃      ᠲᠣᠰ ᠤᠳᠠᠭᠠᠨ ᠤ ᠪᠣᠯᠪᠠᠰᠤᠷᠠᠭᠤᠯᠤᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠨᠥᠬᠦᠳ ᠢ ᠤᠷᠢᠵᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠯᠭᠡᠪᠡ᠃ ᠭᠤᠣᠯᠳᠠᠭᠤ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ᠂ ᠵᠠᠰᠠᠭ ᠵᠠᠬᠢᠷᠭᠠᠨ ᠤ ᠲᠠᠬᠢᠨ ᠵᠥᠪᠯᠡᠬᠦ ᠬᠠᠤᠯᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠦᠷᠢᠮ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ ᠵᠠᠭᠪᠤᠷ ᠤᠨ ᠬᠡᠪ ᠵᠠᠭᠪᠤᠷ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾ ᠵᠡᠷᠭᠡ ᠲᠠᠯ᠎ᠠ ᠪᠠᠷ ᠲᠤᠰᠬᠠᠢ ᠰᠡᠳᠦᠪ ᠢᠶᠠᠷ ᠲᠠᠶᠢᠯᠪᠤᠷᠢᠯᠠᠪᠠ᠃ ᠬᠠᠮᠢᠶ᠎ᠠ ᠪᠥᠬᠦᠶ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠪᠠᠰᠠ ᠡᠯ᠎ᠡ ᠲᠥᠷᠥᠯ ᠤᠨ ᠬᠠᠤᠯᠢ ᠬᠡᠷᠡᠭᠵᠢᠭᠦᠯᠬᠦ ᠶᠠᠪᠤᠴᠠ ᠳᠤ ᠠᠮᠠᠷᠬᠠᠨ ᠡᠭᠦᠰᠬᠦ᠂ ᠠᠮᠠᠷᠬᠠᠨ ᠣᠮᠲᠣᠭᠠᠶᠢᠯᠠᠬᠤ ᠨᠡᠶᠢᠲᠡᠯᠢᠭ ᠴᠢᠨᠠᠷᠲᠠᠶ ᠠᠰᠠᠭᠤᠳᠠᠯ ᠳᠤ ᠲᠤᠰᠬᠠᠶ ᠰᠡᠳᠦᠪᠲᠦ ᠲᠠᠶᠢᠯᠤᠮᠵᠢ ᠬᠢᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠨ ᠪᠣᠳᠠᠲᠠᠶ ᠬᠠᠤᠯᠢ ᠬᠡᠷᠡᠭᠵᠢᠭᠦᠯᠬᠦ ᠶᠠᠪᠤᠴᠠ ᠳᠤ ᠡᠶᠢᠮᠦᠷᠬᠦ ᠠᠰᠠᠭᠤᠳᠠᠯ ᠡᠭᠦᠰᠬᠦ ᠶᠢ ᠬᠤᠷᠢᠭᠯᠠᠬᠤ ᠪᠠᠷ ᠴᠢᠷᠮᠠᠶᠢᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3