ᠰᠢᠩ ᠾᠧ ᠰᠢᠶᠠᠨ 2024 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/3
     ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠮᠠᠨ ᠤ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠣᠯᠤᠭᠰᠠᠨ ᠦᠷ᠎ᠡ ᠪᠦᠲᠦᠭᠡᠯ ᠢ ᠭᠦᠢᠴᠡᠳ ᠤᠬᠠᠭᠤᠯᠬᠤ ᠶᠢᠨ ᠲᠥᠯᠥᠭᠡ᠂ 5 ᠰᠠᠷ᠎ᠠ ᠶᠢᠨ 30᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︶᠎ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠠᠮᠲᠤᠷᠠᠨ 2024 ᠣᠨ ᠤ ᠰᠢᠩ ᠾᠧ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠪᠡ᠃
     ᠲᠣᠰ ᠤᠳᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠨᠢ ︽ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠥᠬᠦ ᠨᠡᠶᠢᠭᠡᠮ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠥᠭᠵᠢᠭᠡᠬᠦ︾᠎ ᠪᠠᠷ ᠭᠤᠤᠯ ᠰᠡᠳᠦᠪ ᠪᠣᠯᠭᠠᠵᠤ᠂ ︽ᠰᠢᠨᠵᠢᠯᠡᠬᠦ ᠤᠬᠠᠭᠠᠨ ᠢ ᠬᠠᠶᠢᠷᠠᠯᠠᠬᠤ︾ ᠪᠠᠯ ᠴᠢᠯᠠᠭᠤᠨ ᠤ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ᠂ ︽ᠰᠢᠨᠵᠢᠯᠡᠬᠦ ᠤᠬᠠᠭᠠᠨ ᠢ ᠬᠠᠶᠢᠷᠠᠯᠠᠬᠤ︾ ᠸᠠᠭᠠᠷ ᠱᠠᠭᠠᠵᠠᠩ ᠤᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠪᠠ ︽ᠰᠢᠨᠵᠢᠯᠡᠬᠦ ᠤᠬᠠᠭᠠᠨ ᠢ ᠬᠠᠵᠠᠭᠤ ᠳᠤᠨᠢ︾ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠭᠤᠷᠪᠠᠨ ᠬᠡᠰᠡᠭ ᠤᠨ ᠲᠣᠭᠤᠷᠢᠨ ᠳᠤ ᠰᠤᠳᠤᠯᠤᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠵᠠᠯᠠᠭᠤ ᠺᠠᠳ᠋ᠷ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠷᠢᠳ ᠬᠤᠵᠢᠳ ᠥᠪᠥᠷ ᠮᠣᠩᠭᠤᠯ ᠤᠨ ᠷᠦᠢ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠰᠢᠩ ᠾᠧ ᠰᠢᠶᠠᠨ ᠤ ᠯᠦᠩ ᠰᠢᠩ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠤᠳᠤᠯᠤᠨ ᠨᠡᠭᠡᠭᠡᠬᠦ ᠬᠡᠯᠲᠡᠰ ᠪᠣᠯᠤᠨ ᠰᠢᠩ ᠾᠧ ᠰᠢᠶᠠᠨ ᠤ ᠦᠨᠳᠦᠰᠦᠲᠡᠨ ᠤ ᠪᠦᠯᠬᠦᠮᠳᠡᠯ ᠰᠢᠶᠠᠩ ᠤᠨ ᠲᠠᠶᠢᠵᠢ ᠶᠢᠨ ᠰᠦᠮ᠎ᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠭᠤᠷᠢᠨ ᠭᠠᠵᠠᠷ ᠲᠤ ᠭᠦᠨᠵᠡᠭᠡᠶᠢᠷᠡᠨ ᠲᠣᠭᠤᠷᠢᠨ ᠦᠵᠡᠵᠦ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠲᠠᠶᠢᠯᠪᠤᠷᠢᠯᠠᠯᠲᠠ ᠪᠠᠷ ᠳᠠᠮᠵᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠤᠷᠮ᠎ᠠ ᠰᠡᠳᠬᠢᠯᠭᠡ ᠶᠢ ᠬᠥᠭᠵᠢᠭᠡᠪᠡ᠃
     ᠡᠨᠡ ᠤᠳᠠᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠲᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠪᠦᠬᠦ ᠰᠢᠶᠠᠨ ᠤ ᠰᠠᠭᠤᠭᠠᠯᠢ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠶᠢ ᠪᠦᠲᠦᠮᠵᠢᠲᠡᠢ ᠠᠬᠢᠭᠤᠯᠪᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3