5 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠯᠢ ᠺᠠᠶ ᠳ᠋ᠦᠩ ᠮᠠᠨ ᠤ ᠰᠢᠶᠠᠨ ᠤ ᠠᠶᠤᠯᠭᠦᠶ ᠦᠢᠯᠡᠳᠪᠦᠷᠢᠯᠷᠯ ᠤᠨ ᠠᠵᠢᠯ ᠤᠨ ᠪᠠᠶᠢᠳᠠᠯ ᠳᠤ | ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠰᠢᠶᠠᠨ ᠤ ᠳᠠᠷᠤᠭ᠎ᠠ ᠢᠦᠶ ᠬᠤᠩ ᠯᠢᠶᠠᠩ᠂ ᠰᠢᠶᠠᠨ ᠤ ᠳᠡᠳ᠋ ᠳᠠᠷᠤᠭ᠎ᠠ ᠵᠣᠣ ᠬᠤᠶ ᠵᠢᠤᠢ᠂ | ᠾᠧᠦ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠯᠢ ᠺᠠᠶ ᠳ᠋ᠦᠩ ᠨᠡᠷ ᠴᠢ ᠬᠤᠶ ᠬᠡᠤᠬᠡᠳ ᠤᠨ ᠴᠡᠴᠡᠷᠯᠢᠭ ᠤᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ | ᠭᠦᠨᠵᠡᠭᠡᠶᠢᠷᠡᠵᠦ᠂ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠶᠢᠨ ᠪᠠᠶᠢᠳᠠᠯ ᠪᠣᠯᠤᠨ ᠪᠠᠷᠢᠯᠭ᠎ᠠ ᠶᠢᠨ ᠠᠮᠤᠷ | ᠲᠦᠪᠰᠢᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠠᠮᠤᠷ ᠲᠦᠪᠰᠢᠨ ᠪᠣᠯ | ᠬᠥᠭᠵᠢᠯᠲᠡ ᠶᠢᠨ ᠤᠷᠢᠲᠠᠯ ᠮᠥᠨ᠂ ᠬᠥᠭᠵᠢᠯᠲᠡ ᠪᠣᠯ ᠠᠮᠤᠷ ᠲᠦᠪᠰᠢᠨ ᠤ ᠪᠠᠲᠤᠯᠠᠭ᠎ᠠ ᠮᠥᠨ᠃ ᠠᠶᠤᠯᠭᠦᠢ | ᠦᠢᠯᠡᠳᠪᠦᠷᠢᠯᠡᠯ ᠤᠨ ᠠᠵᠢᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ | ᠦᠢᠯᠡᠳᠪᠦᠷᠢᠯᠡᠯ ᠤᠨ ᠴᠢᠳᠠᠪᠤᠷᠢ ᠪᠣᠯᠤᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ | ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠴᠠᠭ ᠬᠤᠭᠤᠴᠠᠭᠠᠨ ᠤ ᠵᠠᠩᠭᠢᠯᠠᠭ᠎ᠠ ᠶᠢᠨ | ᠴᠡᠭ ᠢ ᠴᠢᠩᠭ᠎ᠠ ᠠᠩᠬᠠᠷᠴᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠦᠷᠦᠯ ᠵᠦᠢᠯ ᠤᠨ | ᠲᠥᠯᠥᠪᠵᠢᠭᠦᠯᠭᠡ ᠶᠢ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠲᠦᠷᠦᠯ ᠵᠦᠢᠯ ᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ | ᠲᠢᠶᠠᠨ ᠾᠧ ᠨᠡᠭᠦᠷᠡᠰᠦᠲᠥ᠋ᠷᠥᠭᠴᠢ ᠶᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ | ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠰᠢᠨ᠎ᠡ ᠦᠢᠯᠡᠳᠪᠦᠷᠢᠯᠡᠯ ᠤᠨ ᠱᠤᠭᠤᠮ ᠢ ᠲᠤᠬᠢᠷᠠᠭᠤᠯᠤᠨ | ᠲᠤᠷᠰᠢᠬᠤ᠂ ᠲᠤᠷᠰᠢᠨ ᠦᠢᠯᠡᠳᠪᠦᠷᠢᠯᠡᠬᠦ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠯᠢ ᠺᠠᠶ | ᠳ᠋ᠦᠩ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠲᠤᠷᠰᠢᠨ ᠦᠢᠯᠡᠳᠪᠦᠷᠢᠯᠡᠬᠦ ᠪᠣᠯ ᠦᠢᠯᠡᠳᠪᠦᠷᠢᠯᠡᠯ ᠤᠨ | ᠠᠮᠤᠷ ᠲᠦᠪᠰᠢᠨ ᠤ ᠠᠳᠡᠯ ᠤᠨ ᠠᠮᠠᠷᠬᠠᠨ ᠡᠭᠦᠰᠬᠦ ᠭᠤᠭᠴᠤᠭ᠎ᠠ ᠮᠥᠨ᠂ ᠡᠷᠬᠡᠪᠰᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠠᠮᠢᠶᠠᠷᠤᠯᠲᠠ ᠪᠠᠨ ᠴᠢᠩᠭᠠᠳᠬᠠᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠮᠤᠷ | ᠲᠦᠪᠰᠢᠨ ᠤ ᠪᠠᠶᠢᠴᠠᠭᠠᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠯ᠎ᠡ ᠲᠥᠷᠥᠯ ᠤᠨ | ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ ᠠᠵᠤ ᠠᠬᠤᠶᠢᠯᠠᠯ ᠤᠳ ᠠᠵᠢᠯᠲᠠᠨ | ᠠᠵᠢᠯᠴᠢᠨ ᠤ ᠠᠶᠤᠯ ᠦᠭᠡᠶ ᠶᠢᠨ ᠪᠣᠯᠪᠠᠰᠤᠷᠠᠭᠤᠯᠤᠯ ᠬᠥᠮᠦᠵᠢᠯ ᠢ ᠦᠨᠡᠨᠬᠦ ᠴᠢᠩᠭᠠᠳᠬᠠᠨ᠂ ᠲᠤᠰᠬᠠᠶ ᠮᠡᠷᠭᠡᠵᠢᠯ ᠤᠨ | ᠠᠵᠢᠯᠲᠠᠨ ᠢ ᠲᠤᠬᠠᠶ ᠶᠢᠨ ᠭᠠᠵᠠᠷ ᠲᠤᠨᠢ ᠬᠢᠨᠠᠨ ᠡᠵᠡᠮᠳᠡᠵᠦ ᠵᠢᠭᠠᠨ ᠵᠢᠯᠣᠭᠤᠳᠬᠤ ᠶᠢ ᠪᠠᠲᠤᠯᠠᠵᠤ᠂ ᠲᠤᠷᠰᠢᠨ | ᠦᠢᠯᠡᠳᠪᠦᠷᠢᠯᠡᠬᠦ ᠬᠤᠭᠤᠴᠠᠭᠠᠨ ᠳᠠᠬᠢ ᠠᠶᠤᠯ ᠦᠭᠡᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠶ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |