ᠮᠠᠨ ᠤ ᠰᠢᠶᠠᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠬᠡᠪ | ᠴᠢᠨᠠᠷ ᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠂ | ᠵᠠᠰᠠᠭ ᠤᠨ ᠣᠷᠳᠣᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 31 ᠤ | ᠡᠳᠦᠷ᠂ ᠮᠠᠨ ᠤ ᠰᠢᠶᠠᠨ ᠪᠥᠬᠦ ᠰᠢᠶᠠᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠡᠷᠭᠢᠯᠡᠵᠦ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠢᠶᠣᠤ ᠷᠦᠩ ᠠᠩᠭᠢ | ᠡᠬᠢᠯᠡᠬᠦ ᠶᠣᠰᠣᠯᠠᠯ ᠳᠤ ᠣᠷᠣᠯᠴᠠᠪᠠ᠃ | ᠲᠣᠰ ᠤᠳᠠᠭᠠᠨ ᠤ ᠪᠣᠯᠪᠠᠰᠤᠷᠠᠭᠤᠯᠤᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠤᠨ | ᠤᠯᠠᠭᠠᠨᠴᠠᠪ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠨᠥᠬᠦᠳ ᠢ ᠤᠷᠢᠵᠤ ᠲᠤᠰᠬᠠᠶ ᠰᠡᠳᠦᠪᠲᠦ | ᠬᠠᠪᠰᠤᠷᠤᠨ ᠵᠢᠯᠣᠭᠤᠳᠬᠤ ᠲᠠᠶᠢᠯᠤᠮᠵᠢ ᠬᠢᠯᠭᠡᠪᠡ᠃ ᠭᠤᠣᠯᠳᠠᠭᠤ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ᠂ | ᠵᠠᠰᠠᠭ ᠵᠠᠬᠢᠷᠭᠠᠨ ᠤ ᠲᠠᠬᠢᠨ ᠵᠥᠪᠯᠡᠬᠦ ᠬᠠᠤᠯᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ | ᠬᠠᠮᠢᠶᠠᠷᠤᠯᠲᠠ ᠶᠢᠨ ᠠᠷᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠦᠷᠢᠮ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠶᠢᠨ ᠵᠠᠭᠪᠤᠷ ᠤᠨ ᠬᠡᠪ ᠵᠠᠭᠪᠤᠷ ᠪᠠ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢᠨ ︽ᠭᠤᠷᠪᠠᠨ ᠵᠦᠢᠯ ᠤᠨ ᠳᠦᠷᠢᠮ︾ ᠵᠡᠷᠭᠡ ᠲᠠᠯ᠎ᠠ ᠪᠠᠷ ᠲᠤᠰᠬᠠᠢ ᠰᠡᠳᠦᠪ ᠢᠶᠠᠷ | ᠲᠠᠶᠢᠯᠪᠤᠷᠢᠯᠠᠪᠠ᠃ ᠬᠠᠮᠢᠶ᠎ᠠ ᠪᠥᠬᠦᠶ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠪᠠᠰᠠ ᠡᠯ᠎ᠡ ᠲᠥᠷᠥᠯ ᠤᠨ ᠬᠠᠤᠯᠢ | ᠬᠡᠷᠡᠭᠵᠢᠭᠦᠯᠬᠦ ᠶᠠᠪᠤᠴᠠ ᠳᠤ ᠠᠮᠠᠷᠬᠠᠨ ᠡᠭᠦᠰᠬᠦ᠂ ᠠᠮᠠᠷᠬᠠᠨ ᠣᠮᠲᠣᠭᠠᠶᠢᠯᠠᠬᠤ ᠨᠡᠶᠢᠲᠡᠯᠢᠭ ᠴᠢᠨᠠᠷᠲᠠᠶ ᠠᠰᠠᠭᠤᠳᠠᠯ ᠳᠤ | ᠲᠤᠰᠬᠠᠶ ᠰᠡᠳᠦᠪᠲᠦ ᠲᠠᠶᠢᠯᠤᠮᠵᠢ ᠬᠢᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠨ ᠪᠣᠳᠠᠲᠠᠶ ᠬᠠᠤᠯᠢ | ᠬᠡᠷᠡᠭᠵᠢᠭᠦᠯᠬᠦ ᠶᠠᠪᠤᠴᠠ ᠳᠤ ᠡᠶᠢᠮᠦᠷᠬᠦ ᠠᠰᠠᠭᠤᠳᠠᠯ ᠡᠭᠦᠰᠬᠦ ᠶᠢ ᠬᠤᠷᠢᠭᠯᠠᠬᠤ ᠪᠠᠷ ᠴᠢᠷᠮᠠᠶᠢᠪᠠ᠃ | | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |