ᠳ᠋ᠢᠶᠠᠨ ᠽᠢ ᠪᠠᠯᠭᠠᠰᠤ᠄ ᠲᠣᠰᠬᠤᠨ ᠳᠤᠭᠤᠶᠢᠯᠠᠩ ᠤᠨ ᠵᠠᠮ ᠥᠷᠭᠡᠳᠴᠦ᠂ ᠲᠥᠯᠥᠭᠡᠯᠡᠭᠴᠢ ᠭᠡᠰᠢᠭᠦᠳ ᠭᠠᠷ ᠬᠤᠯᠪᠣᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠬᠠᠭᠤᠳᠠᠰᠤ
ᠨᠡᠶᠢᠲᠡᠯᠡᠭᠰᠡᠨ ᠴᠠᠭ᠄
2024/6/3
     ᠣᠶᠢᠷ᠎ᠠ ᠳᠤ᠂ ᠰᠢᠩ ᠾᠧ ᠰᠢᠶᠠᠨ ᠤ ᠳ᠋ᠢᠶᠠᠨ ᠽᠢ ᠪᠠᠯᠭᠠᠰᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠲᠤᠰᠢᠶᠠᠯ ᠢᠶᠠᠨ ᠭᠦᠢᠴᠡᠳᠭᠡᠬᠦ ᠨᠡᠶᠢᠯᠡᠮᠡᠯ ᠬᠦᠴᠦᠨ ᠳᠤ ᠲᠦᠰᠢᠭᠯᠡᠨ᠂ ᠰᠢᠩ ᠾᠧ ᠰᠢᠶᠠᠨ ᠤ ᠳ᠋ᠢᠶᠠᠨ ᠽᠢ ᠪᠠᠯᠭᠠᠰᠤᠨ ᠤ ᠯᠠᠮᠠ ᠶᠢᠨ ᠬᠤᠸᠠᠷᠠᠨ ᠤ ᠨᠢᠭᠡᠨ ᠰᠢᠷᠣᠶ ᠶᠢᠨ ᠵᠠᠮ ︽ᠬᠤᠪᠢᠷᠠᠵᠤ︾ ᠰᠢᠨ᠎ᠡ ᠪᠠᠷ ᠲᠡᠭᠰᠢᠯᠡᠭᠰᠡᠨ ᠬᠠᠲᠠᠭᠤᠷᠠᠭᠰᠠᠨ ᠱᠦᠢᠨᠢ ᠵᠠᠮ ᠪᠣᠯᠵᠣ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠲᠤ ᠪᠣᠳᠠᠲᠤ ᠶᠠᠪᠤᠳᠠᠯ ᠬᠢᠵᠦ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠠᠮᠢᠳᠤᠷᠠᠯ ᠤᠨ ᠠᠰᠠᠭᠤᠳᠠᠯ ᠢ ᠪᠣᠳᠠᠲᠠᠶ ᠳᠤ ᠨᠠᠶᠢᠳᠠᠪᠤᠷᠢᠵᠢᠭᠤᠯᠪᠠ᠃      ᠰᠢᠩ ᠾᠧ ᠰᠢᠶᠠᠨ ᠤ ᠳ᠋ᠢᠶᠠᠨ ᠽᠢ ᠪᠠᠯᠭᠠᠰᠤᠨ ᠤ ᠯᠠᠮᠠ ᠶᠢᠨ ᠠᠶᠢᠯ ᠲᠣᠰᠬᠤᠨ ᠳᠤ ᠪᠦᠬᠦ ᠲᠣᠰᠬᠤᠨ ᠤ 50 ᠡᠷᠦᠬᠡ ᠲᠣᠰᠬᠤᠨ ᠤ ᠠᠷᠠᠳ ᠤᠨ ᠡᠳᠦᠷ ᠲᠤᠲᠤᠮ ᠤᠨ ᠨᠡᠪᠲᠡᠷᠡᠬᠦ ︽ᠲᠠᠷᠢᠶᠠᠯᠠᠬᠤ ᠠᠵᠤ ᠦᠢᠯᠡᠰ ᠤᠨ ᠵᠠᠮ︾ ᠪᠠᠶᠢᠳᠠᠭ᠂ ᠡᠨᠡ ᠬᠦ ᠵᠠᠮ ᠤᠨ ᠥᠷᠭᠡᠨ ᠨᠢ 2.5 ᠮᠧᠳ᠋ᠷ᠂ ᠡᠩ ᠤᠨ ᠦᠶ᠎ᠡ ᠳᠤ ᠵᠥᠪᠬᠡᠨ ᠲᠣᠰᠬᠤᠨ ᠤ ᠠᠷᠠᠳ ᠤᠨ ᠵᠢᠵᠢᠭ ᠬᠡᠯᠪᠡᠷᠢ ᠶᠢᠨ ᠭᠤᠷᠪᠠᠨ ᠬᠦᠷᠳᠦᠲᠦ ᠲᠡᠷᠭᠡ ᠪᠠ ᠣᠨᠤᠭ᠎ᠠ ᠬᠥᠯᠥᠭᠰᠡᠨ ᠲᠡᠷᠭᠡ ᠶᠢ ᠵᠢᠯᠣᠭᠤᠳᠴᠤ ᠥᠩᠭᠡᠷᠡᠬᠦ ᠳᠤ ᠬᠠᠩᠭᠠᠳᠠᠭ ᠃ ᠯᠠᠮᠠ ᠶᠢᠨ ᠠᠶᠢᠯ ᠲᠤᠰᠬᠤᠨ ᠤ ᠭᠠᠵᠠᠷ ᠤᠨ ᠪᠠᠶᠢᠴᠠ ᠦᠨᠳᠦᠷ ᠲᠣᠷᠣᠭᠰᠢᠨ ᠳᠡᠭᠳᠡᠵᠦ᠂ ᠵᠢᠯ ᠪᠦᠷᠢ ᠪᠣᠷᠣᠭᠠᠨ ᠤ ᠤᠯᠠᠷᠢᠯ ᠪᠣᠯᠬᠤ ᠳᠤ ᠵᠠᠮ ᠳᠡᠭᠡᠷ᠎ᠡ ᠪᠦᠷ ᠰᠢᠪᠠᠷ ᠪᠠᠯᠴᠢᠭ᠂ ᠵᠠᠮ ᠮᠠᠭᠤ ᠪᠠᠶᠢᠳᠠᠭ᠃ ᠲᠥᠯᠥᠭᠡᠯᠡᠭᠴᠢ ᠭᠡᠰᠢᠭᠦᠳ ᠡᠳᠦᠷ ᠲᠤᠲᠤᠮ ᠤᠨ ᠰᠤᠷᠪᠤᠯᠵᠢᠯᠠᠬᠤ ᠠᠵᠢᠯ ᠤᠨ ᠳᠤᠮᠳᠠ ᠡᠨᠡ ᠬᠦ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ᠂ ᠵᠠᠮ ᠤᠨ ᠪᠣᠳᠠᠲᠠᠶ ᠬᠡᠷᠡᠭᠯᠡᠯᠲᠡ ᠶᠢᠨ ᠪᠠᠶᠢᠳᠠᠯ ᠢ ᠣᠯᠠᠨ ᠤᠳᠠᠭ᠎ᠠ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠷᠬᠢᠨ ᠲᠣᠭᠤᠷᠢᠨ ᠤ ᠲᠣᠰᠬᠤᠨ ᠤ ᠠᠷᠠᠳ ᠢ ᠰᠤᠷᠪᠤᠯᠵᠢᠯᠠᠵᠤ᠂ ᠤᠤᠯ ᠤᠨ ᠵᠠᠮ ᠨᠢ ᠨᠢᠭᠡᠨᠲᠡ ᠲᠣᠰᠬᠤᠨ ᠤ ᠠᠷᠠᠳ ᠤᠨ ᠡᠳᠦᠷ ᠲᠤᠲᠤᠮ ᠤᠨ ᠬᠡᠷᠡᠭᠴᠡᠭᠡ ᠪᠠ ᠢᠷᠡᠭᠡᠳᠦᠶ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠥᠬᠡᠶ ᠪᠠᠶᠢᠬᠤ ᠶᠢ ᠣᠯᠵᠤ ᠮᠡᠳᠡᠪᠡ      ᠲᠥᠯᠥᠭᠡᠯᠡᠭᠴᠢ ᠭᠡᠰᠢᠭᠦᠳ ᠲᠣᠰᠬᠤᠨ ᠤ ᠳᠣᠲᠣᠷᠠᠬᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠵᠠᠮ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠵᠣᠷᠢᠯᠭ᠎ᠠ ᠪᠠᠷ᠂ ᠬᠤᠷᠠᠯ ᠢᠶᠠᠷ ᠶᠠᠷᠢᠯᠴᠠᠬᠤ᠂ ᠲᠣᠰᠬᠤᠨ ᠤ ᠠᠷᠠᠳ ᠤᠨ ᠰᠠᠨᠠᠯ ᠪᠠ ᠳᠡᠭᠡᠳᠦ ᠱᠠᠲᠤᠨ ᠤ ᠭᠤᠶᠤᠴᠢᠯᠠᠯ ᠢ ᠬᠤᠷᠢᠶᠠᠵᠤ᠂ ᠲᠣᠰᠬᠤᠨ ᠤ ᠳᠣᠲᠣᠷᠠᠬᠢ ᠡᠨᠡ ᠬᠦ ᠵᠥᠷᠢᠭ ᠵᠠᠮ ᠢ ᠰᠡᠯᠪᠢᠨ ᠵᠠᠰᠠᠵᠤ ᠥᠷᠭᠡᠳᠬᠡᠨ᠂ ᠤᠤᠯ ᠤᠨ 2.5 ᠮᠧᠳ᠋ᠷ ᠥᠷᠭᠡᠨ ᠰᠢᠷᠣᠶ ᠶᠢᠨ ᠵᠠᠮ ᠢ 4.5 ᠮᠧᠳ᠋ᠷ ᠥᠷᠭᠡᠨ ᠪᠣᠯᠭᠠᠵᠤ᠂ ᠲᠣᠰᠬᠤᠨ ᠤ ᠠᠷᠠᠳ ᠤᠨ ᠡᠳᠦᠷ ᠲᠤᠲᠤᠮ ᠤᠨ ᠶᠠᠪᠤᠵᠤ ᠰᠠᠭᠤᠬᠤ ᠳᠤ ᠲᠥᠬᠦᠮ ᠦᠵᠡᠭᠦᠯᠬᠦ ᠤᠷᠢᠲᠠᠯ ᠳᠤᠤᠷ᠎ᠠ ᠨᠢᠭᠡᠳᠦᠯᠲᠡᠶ ᠲᠥᠯᠥᠪᠵᠢᠭᠦᠯᠵᠦ᠂ ᠢᠷᠡᠭᠡᠳᠦᠶ ᠶᠢᠨ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠪᠠ ᠲᠣᠰᠬᠤᠨ ᠤ ᠳᠦᠷᠰᠦ ᠪᠠᠶᠢᠳᠠᠯ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠬᠦ ᠬᠡᠷᠡᠭᠲᠡᠶ᠃      ᠣᠳᠣᠬᠠᠨ ᠳᠤ ᠵᠠᠮ ᠢ ᠥᠷᠭᠡᠳᠬᠡᠬᠦ ᠠᠵᠢᠯ ᠢ ᠶᠠᠭ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠂ ᠯᠠᠮᠠ ᠶᠢᠨ ᠠᠶᠢᠯ ᠲᠣᠰᠬᠤᠨ ᠤ ᠵᠡᠭᠦᠨ 50 ᠰᠢᠬᠠᠮ ᠡᠷᠦᠬᠡ ᠶᠢᠨ 80 ᠬᠥᠮᠦᠨ ᠳᠤ ᠨᠠᠩ ᠳᠥᠭᠦᠮ ᠳᠥᠲᠡ ᠠᠶᠠᠯᠠᠯ ᠤᠨ ᠨᠥᠬᠦᠴᠡᠯ ᠬᠠᠩᠭᠠᠵᠤ᠂ ᠡᠨᠡ ᠬᠦ ᠵᠠᠮ ᠨᠢ ᠴᠦ ᠤᠤᠯ ᠤᠨ ᠲᠣᠰᠬᠤᠨ ᠤ ᠳᠣᠲᠣᠷ᠎ᠠ ᠨᠢᠭᠡᠨᠲᠡ ᠥᠷᠭᠡᠳᠬᠡᠭᠰᠡᠨ ᠲᠣᠰᠬᠤᠨ ᠲᠠᠢ ᠬᠤᠯᠪᠣᠯᠳᠤᠵᠤ᠂ ᠯᠠᠮᠠ ᠶᠢᠨ ᠬᠤᠸᠠᠷᠠᠨ ᠤ ᠵᠢᠭᠤᠯᠴᠢᠯᠠᠯ᠂ ᠠᠵᠤ ᠦᠢᠯᠡᠰ ᠤᠨ ᠵᠠᠮ ᠱᠤᠭᠤᠮ ᠤᠨ ᠪᠦᠷᠢᠨ ᠲᠡᠭᠦᠯᠳᠡᠷ ᠲᠣᠣᠷ ᠤᠨ ᠰᠢᠰᠲ᠋ᠧᠮ ᠢ ᠪᠦᠷᠢᠯᠳᠦᠭᠦᠯᠵᠦ᠂ ᠯᠠᠮᠠ ᠶᠢᠨ ᠬᠤᠸᠠᠷᠠᠨ ᠤ ᠬᠤᠶᠢᠰᠢᠳᠠ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3