ᠯᠢ ᠺᠠᠶ ᠳ᠋ᠦᠩ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭ᠎ᠠ ᠶᠢᠨ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/5
     ᠬᠤᠷᠠᠯ ᠠᠴᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠭᠡᠷ ᠭᠠᠵᠠᠷ ᠤᠨ ᠬᠦᠷᠦᠩᠭᠡ ᠶᠢᠨ ︽ᠭᠤᠷᠪᠠᠨ ᠬᠦᠴᠢᠷ︾ ᠠᠰᠠᠭᠤᠳᠠᠯ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠬᠦᠨᠳᠦ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠵᠠᠰᠠᠨ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠯᠳᠦᠭᠦᠯᠵᠦ᠂ ᠴᠡᠭᠴᠡᠯᠡᠨ ᠵᠠᠰᠠᠬᠤ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ ᠬᠤᠭ ᠨᠣᠪᠰᠢ ᠶᠢ ᠴᠡᠪᠡᠷᠯᠡᠬᠦ ᠪᠠ ᠡᠷᠬᠢᠨ ᠲᠣᠭᠤᠷᠢᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠢᠶ᠎ᠠ ᠪᠥᠬᠦᠶ ᠪᠠᠷᠢᠮᠵᠢᠶ᠎ᠠ ᠶᠢ ᠴᠢᠩᠭ᠎ᠠ ᠵᠢᠷᠤᠮᠯᠠᠨ ᠠᠵᠢᠯᠯᠠᠵᠤ᠂ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠠᠰᠬᠠᠨ᠂ ᠤᠰᠤᠨ ᠤ ᠡᠬᠢ ᠰᠤᠷᠪᠤᠯᠵᠢ ᠶᠢᠨ ᠬᠤᠭ ᠨᠣᠪᠰᠢ ᠶᠢᠨ ᠪᠣᠬᠢᠷᠲᠤᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠴᠡᠭ ᠪᠠ ᠴᠡᠭ ᠲᠠᠢ ᠵᠣᠯᠭᠠᠭᠤᠯᠬᠤ ᠶᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠬᠠᠷᠢᠶ᠎ᠠ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠢᠦᠶ ᠬᠤᠩ ᠯᠢᠶᠠᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ᠂ ᠾᠧᠦ ᠶᠢᠩ ᠬᠤᠷᠠᠯ ᠳᠤ ᠣᠷᠣᠯᠴᠠᠪᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3