ᠰᠢᠩ ᠾᠧ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠯᠠᠪᠳᠠᠭᠤᠨ ᠢᠶᠠᠷ ᠠᠬᠢᠪᠠ
ᠨᠡᠶᠢᠲᠡᠯᠡᠭᠰᠡᠨ ᠴᠠᠭ᠄
2024/6/5
     ᠣᠶᠢᠷ᠎ᠠ ᠳᠤ᠂ ᠰᠢᠩ ᠾᠧ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠪᠠᠷᠢᠯᠭ᠎ᠠ ᠶᠢᠨ ᠠᠩᠭᠢ ᠶᠠᠭ ᠭᠠᠵᠠᠷ ᠪᠤᠯᠠᠵᠤ ᠬᠠᠮᠢᠶᠠᠷᠴᠤ᠂ ᠮᠠᠰᠢ ᠶᠠᠭᠠᠷᠠᠯᠲᠠᠶ ᠪᠠᠶᠢᠳᠠᠯ ᠢᠯᠡᠷᠡᠪᠡ᠃ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ ᠤᠯᠠᠭᠠᠨᠴᠠᠪ ᠬᠤᠲᠠ ᠮᠠᠨ ᠤ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠶᠢ 3 ᠲᠦᠮᠡᠨ ᠮᠥ ᠪᠠᠭᠤᠯᠭᠠᠵᠤ᠂ ᠡᠭᠦᠨ ᠳᠤ ᠬᠠᠭᠤᠷᠠᠶ ᠪᠠᠷ ᠳᠠᠷᠢᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ 2155 ᠮᠥ᠂ ᠤᠰᠤᠨ ᠲᠠᠷᠢᠶ᠎ᠠ ᠥᠨᠳᠥᠷ ᠪᠠᠷᠢᠮᠵᠢᠶᠠᠲᠤ 27845 ᠮᠥ ᠪᠠᠶᠢᠵᠤ᠂ ᠰᠠᠶᠢᠬᠤᠰᠤ ᠪᠠᠯᠭᠠᠰᠤ᠂ ᠡᠤ ᠬᠥ᠋ ᠴᠢᠤᠸᠠᠨ ᠰᠢᠶᠠᠩ᠂ ᠲᠤᠸᠠᠨ ᠵᠢᠶᠧ ᠰᠢᠶᠠᠩ᠂ ᠡᠷᠳᠡᠨᠢ ᠪᠠᠯᠭᠠᠰᠤ᠂ ᠳ᠋ᠢᠶᠠᠨ ᠽᠢ ᠪᠠᠯᠭᠠᠰᠤ ᠵᠡᠷᠭᠡ 6 ᠰᠢᠶᠠᠩ ᠪᠠᠯᠭᠠᠰᠤ᠂ 29 ᠲᠣᠰᠬᠤᠨ ᠤ ᠠᠷᠠᠳ ᠤᠨ ᠵᠥᠪᠯᠡᠯ ᠤᠨ 35 ᠠᠶᠢᠯ ᠲᠣᠰᠬᠤᠨ ᠳᠤ ᠬᠤᠯᠪᠣᠭᠳᠠᠵᠤ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 7878.95 ᠲᠦᠮᠡᠨ ᠲᠥᠭᠦᠷᠢᠭ ᠪᠣᠯᠤᠨ᠎ᠠ᠃
     ᠰᠢᠩ ᠾᠧ ᠰᠢᠶᠠᠨ ᠡᠨᠡᠬᠦ ᠡᠭᠦᠷᠭᠡ ᠶᠢᠨ ᠪᠡᠷᠬᠡ ᠬᠠᠲᠠᠭᠤᠵᠢᠯᠲᠠᠢ ᠴᠢᠨᠠᠷ ᠪᠣᠯᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠪᠠ᠃ ᠶᠠᠰᠤ ᠴᠢᠨᠠᠷ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠶᠠᠰᠤ ᠴᠢᠨᠠᠷ ᠤᠨ ᠴᠢᠩᠭ᠎ᠠ ᠪᠠᠷᠢᠮᠵᠢᠶ᠎ᠠ ᠲᠣᠭᠲᠠᠭᠠᠬᠤ ᠪᠠᠷ ᠳᠠᠮᠵᠢᠭᠤᠯᠤᠨ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠨᠢᠭᠡᠴᠡ ᠶᠢ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
     4 ᠰᠠᠷ᠎ᠠ ᠶᠢᠨ 9᠎ ᠤ ᠡᠳᠦᠷ ᠲᠥᠷᠥᠯ ᠵᠦᠢᠯ ᠤᠨ ᠠᠵᠢᠯ ᠡᠬᠢᠯᠡᠭᠰᠡᠨ ᠠᠴᠠ ᠨᠠᠰᠢ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠵᠢᠯᠲᠠᠳ ︽ᠲᠠᠷᠢᠶ᠎ᠠ᠂ ᠤᠰᠤ᠂ ᠵᠠᠮ᠂ ᠣᠶ ᠰᠢᠭᠤᠶ᠂ ᠴᠠᠬᠢᠯᠭᠠᠨ︾ ᠵᠡᠷᠭᠡ ᠶᠢ ᠶᠡᠷᠦᠩᠬᠡᠶᠢᠯᠡᠨ ᠵᠠᠰᠠᠬᠤ ᠪᠠᠷ ᠭᠤᠤᠯᠳᠠᠯᠭ᠎ᠠ ᠪᠣᠯᠭᠠᠵᠤ᠂ ᠲᠠᠷᠢᠶᠠᠨ ᠭᠠᠵᠠᠷ ᠤᠨ ᠤᠰᠤᠯᠠᠬᠤ ᠤᠰᠤ ᠵᠠᠯᠠᠬᠤ ᠰᠢᠰᠲ᠋ᠧᠮ ᠢ ᠬᠠᠲᠠᠭᠤᠷᠠᠭᠤᠯᠬᠤ᠂ ᠲᠠᠷᠢᠶᠠᠨ ᠭᠠᠵᠠᠷ ᠤᠨ ᠵᠠᠮ ᠢ ᠬᠠᠲᠠᠭᠤᠷᠠᠭᠤᠯᠬᠤ᠂ ᠨᠣᠭᠤᠭᠠᠷᠠᠭᠤᠯᠤᠯᠲᠠ ᠶᠢᠨ ᠭᠤᠤᠯ ᠵᠠᠮ ᠵᠡᠷᠭᠡ ᠶᠢ ᠭᠤᠤᠯᠳᠠᠯᠭ᠎ᠠ ᠲᠠᠢ ᠵᠠᠰᠠᠬᠤ ᠪᠠ ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠳᠥᠷᠪᠡᠯᠵᠢᠬᠦ᠂ ᠵᠠᠮ ᠢ ᠲᠣᠣᠷᠵᠢᠭᠤᠯᠬᠤ᠂ ᠤᠰᠤᠯᠠᠬᠤ ᠤᠰᠤ ᠵᠠᠯᠠᠬᠤ ᠰᠤᠪᠠᠭ ᠤᠨ ᠰᠢᠰᠲ᠋ᠧᠮ ᠢ ᠢᠵᠢ ᠪᠦᠷᠢᠳᠦᠭᠦᠯᠬᠦ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢ ᠪᠡᠶᠡᠯᠡᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠪᠡ᠃ ᠣᠲᠣ ᠪᠣᠯᠲᠠᠯ᠎ᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠨᠢᠭᠡᠨᠲᠡ ᠪᠦᠬᠦᠨ ᠢ ᠳᠠᠭᠤᠰᠬᠠᠵᠤ᠂ ᠵᠠᠮ ᠤᠨ ᠬᠠᠲᠠᠭᠤᠷᠠᠯ ᠢ ᠨᠢᠭᠡᠨᠲᠡ ᠪᠡᠶᠡᠯᠡᠭᠦᠯᠵᠦ᠂ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢ 10%᠎ ᠪᠠᠷ ᠪᠡᠶᠡᠯᠡᠭᠦᠯᠵᠦ᠂ ᠴᠠᠬᠢᠯᠭᠠᠨ ᠬᠠᠩᠭᠠᠬᠤ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠡᠪ ᠤᠨ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠪᠠ᠃ ᠢᠯᠠᠩᠭᠤᠶ᠎ᠠ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠨᠢ ᠪᠥᠬᠦ ᠤᠯᠤᠰ ᠤᠨ ᠲᠤᠬᠠᠶ ᠶᠢᠨ ᠭᠠᠵᠠᠷ ᠤᠨ ᠬᠤᠷᠠᠯ ᠢ ᠤᠭᠲᠤᠬᠤ ᠪᠠᠷ ᠠᠵᠠ ᠲᠣᠬᠢᠶᠠᠯ ᠪᠣᠯᠭᠠᠵᠤ᠂ ᠢᠨᠵᠧᠨᠧᠷᠢᠩ ᠤᠨ ᠤᠷ᠎ᠠ ᠮᠡᠷᠭᠡᠰᠢᠯ᠂ ᠢᠨᠵᠧᠨᠧᠷᠢᠩ ᠤᠨ ᠵᠠᠭᠪᠤᠷ ᠪᠠ ᠢᠨᠵᠧᠨᠧᠷᠢᠩ ᠤᠨ ᠶᠠᠰᠤ ᠴᠢᠨᠠᠷ᠂ ᠠᠮᠵᠢᠯᠲᠠ ᠪᠦᠲᠦᠮᠵᠢ ᠶᠢ ᠪᠦᠬᠦᠨ ᠢ ᠰᠢᠨ᠎ᠡ ᠶᠢ ᠡᠭᠦᠳᠬᠦ ᠴᠢᠨᠠᠷᠲᠠᠶ ᠪᠠᠷ ᠰᠠᠶᠢᠵᠢᠷᠠᠭᠤᠯᠵᠤ᠂ ᠬᠥᠭᠵᠢᠨ ᠮᠠᠨᠳᠤᠬᠤ ᠪᠠ ᠥᠪᠡᠷᠮᠢᠴᠡ ᠣᠨᠴᠠᠯᠢᠭ ᠲᠠᠢ᠂ ᠬᠥᠭᠵᠢᠯ ᠪᠠ ᠪᠣᠳᠠᠲᠠᠶ ᠳᠤ ᠨᠡᠶᠢᠴᠡᠭᠰᠡᠨ ᠶᠠᠰᠤ ᠴᠢᠨᠠᠷ ᠤᠨ ᠵᠠᠮ ᠢᠶᠠᠷ ᠵᠠᠮᠨᠠᠪᠠ᠃      ᠣᠳᠣᠬᠠᠨ ᠳᠤ᠂ 2024 ᠣᠨ ᠳᠤ ᠰᠢᠩ ᠾᠧ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ ᠶᠠᠭ ᠯᠠᠪᠳᠠᠭᠤᠨ ᠢᠶᠠᠷ ᠠᠬᠢᠭᠤᠯᠬᠤ ᠶᠢᠨ ᠬᠠᠮᠲᠤ ᠢᠯᠡᠳᠲᠡ ᠦᠷ᠎ᠡ ᠪᠦᠲᠦᠮᠵᠢ ᠣᠯᠵᠤ᠂ ᠵᠢᠱᠢᠯᠲᠡ ᠪᠠᠷ 10 ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠨ᠎ᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3