ᠬᠤᠷᠠᠯ ᠠᠴᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠭᠡᠷ ᠭᠠᠵᠠᠷ ᠤᠨ | ᠬᠦᠷᠦᠩᠭᠡ ᠶᠢᠨ ︽ᠭᠤᠷᠪᠠᠨ ᠬᠦᠴᠢᠷ︾ ᠠᠰᠠᠭᠤᠳᠠᠯ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠬᠦᠨᠳᠦ᠂ | ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠥᠨᠳᠥᠷ | ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠬᠡᠮ | ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠵᠠᠰᠠᠨ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠵᠤ᠂ ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃ ᠠᠮᠢ | ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ | ᠡᠭᠦᠷᠭᠡᠯᠡᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ | ᠲᠠᠨᠢᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠰᠢᠨᠵᠢᠯᠡᠬᠦ | ᠤᠬᠠᠭᠠᠨᠴᠢ ᠪᠥᠭᠡᠳ ᠡᠮᠬᠢ ᠵᠢᠷᠤᠮ ᠲᠠᠢ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ | ᠪᠦᠷᠢᠯᠳᠦᠭᠦᠯᠵᠦ᠂ ᠴᠡᠭᠴᠡᠯᠡᠨ ᠵᠠᠰᠠᠬᠤ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ | ᠬᠤᠭ ᠨᠣᠪᠰᠢ ᠶᠢ ᠴᠡᠪᠡᠷᠯᠡᠬᠦ ᠪᠠ ᠡᠷᠬᠢᠨ ᠲᠣᠭᠤᠷᠢᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠢᠶ᠎ᠠ ᠪᠥᠬᠦᠶ ᠪᠠᠷᠢᠮᠵᠢᠶ᠎ᠠ ᠶᠢ ᠴᠢᠩᠭ᠎ᠠ ᠵᠢᠷᠤᠮᠯᠠᠨ ᠠᠵᠢᠯᠯᠠᠵᠤ᠂ | ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠠᠰᠬᠠᠨ᠂ ᠤᠰᠤᠨ ᠤ ᠡᠬᠢ | ᠰᠤᠷᠪᠤᠯᠵᠢ ᠶᠢᠨ ᠬᠤᠭ ᠨᠣᠪᠰᠢ ᠶᠢᠨ ᠪᠣᠬᠢᠷᠲᠤᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠠᠶᠤᠯ ᠲᠦᠭᠰᠢᠭᠦᠷᠢ ᠶᠢ ᠰᠡᠷᠭᠡᠶᠢᠯᠡᠵᠦ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠴᠡᠭ | ᠪᠠ ᠴᠡᠭ ᠲᠠᠢ ᠵᠣᠯᠭᠠᠭᠤᠯᠬᠤ ᠶᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠦᠨᠡᠨᠬᠦ ᠪᠠᠲᠤᠯᠠᠵᠤ᠂ ᠬᠠᠷᠢᠶ᠎ᠠ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠦᠢᠯᠡᠳᠪᠦᠷᠢᠯᠡᠯ | ᠠᠮᠢᠳᠤᠷᠠᠯ ᠤᠨ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ | ᠳᠠᠷᠤᠭ᠎ᠠ ᠢᠦᠶ ᠬᠤᠩ ᠯᠢᠶᠠᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠬᠥᠩ ᠰᠢᠤ ᠯᠦᠩ᠂ ᠾᠧᠦ | ᠶᠢᠩ ᠬᠤᠷᠠᠯ ᠳᠤ ᠣᠷᠣᠯᠴᠠᠪᠠ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |