ᠣᠶᠢᠷ᠎ᠠ ᠳᠤ᠂ ᠰᠢᠩ ᠾᠧ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠲᠤᠬᠠᠶ ᠶᠢᠨ ᠲᠠᠯᠠᠪᠠᠶ ᠳᠤ᠂ ᠪᠠᠷᠢᠯᠭ᠎ᠠ ᠶᠢᠨ ᠠᠩᠭᠢ ᠶᠠᠭ ᠭᠠᠵᠠᠷ ᠪᠤᠯᠠᠵᠤ ᠬᠠᠮᠢᠶᠠᠷᠴᠤ᠂ ᠮᠠᠰᠢ ᠶᠠᠭᠠᠷᠠᠯᠲᠠᠶ ᠪᠠᠶᠢᠳᠠᠯ | ᠢᠯᠡᠷᠡᠪᠡ᠃ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ ᠤᠯᠠᠭᠠᠨᠴᠠᠪ ᠬᠤᠲᠠ ᠮᠠᠨ ᠤ | ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠶᠢ | 3 ᠲᠦᠮᠡᠨ ᠮᠥ ᠪᠠᠭᠤᠯᠭᠠᠵᠤ᠂ ᠡᠭᠦᠨ ᠳᠤ ᠬᠠᠭᠤᠷᠠᠶ ᠪᠠᠷ ᠳᠠᠷᠢᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ 2155 ᠮᠥ᠂ | ᠤᠰᠤᠨ ᠲᠠᠷᠢᠶ᠎ᠠ ᠥᠨᠳᠥᠷ ᠪᠠᠷᠢᠮᠵᠢᠶᠠᠲᠤ 27845 ᠮᠥ ᠪᠠᠶᠢᠵᠤ᠂ ᠰᠠᠶᠢᠬᠤᠰᠤ ᠪᠠᠯᠭᠠᠰᠤ᠂ ᠡᠤ ᠬᠥ᠋ ᠴᠢᠤᠸᠠᠨ ᠰᠢᠶᠠᠩ᠂ | ᠲᠤᠸᠠᠨ ᠵᠢᠶᠧ ᠰᠢᠶᠠᠩ᠂ ᠡᠷᠳᠡᠨᠢ ᠪᠠᠯᠭᠠᠰᠤ᠂ ᠳ᠋ᠢᠶᠠᠨ ᠽᠢ ᠪᠠᠯᠭᠠᠰᠤ ᠵᠡᠷᠭᠡ 6 ᠰᠢᠶᠠᠩ ᠪᠠᠯᠭᠠᠰᠤ᠂ 29 ᠲᠣᠰᠬᠤᠨ ᠤ | ᠠᠷᠠᠳ ᠤᠨ ᠵᠥᠪᠯᠡᠯ ᠤᠨ 35 ᠠᠶᠢᠯ ᠲᠣᠰᠬᠤᠨ ᠳᠤ ᠬᠤᠯᠪᠣᠭᠳᠠᠵᠤ᠂ ᠲᠥᠷᠥᠯ ᠵᠦᠢᠯ ᠤᠨ ᠶᠡᠷᠦᠩᠬᠡᠶ ᠪᠠᠯᠠ | ᠣᠷᠣᠭᠤᠯᠤᠯᠲᠠ ᠨᠢ 7878.95 ᠲᠦᠮᠡᠨ ᠲᠥᠭᠦᠷᠢᠭ ᠪᠣᠯᠤᠨ᠎ᠠ᠃ | | | ᠰᠢᠩ ᠾᠧ ᠰᠢᠶᠠᠨ ᠡᠨᠡᠬᠦ ᠡᠭᠦᠷᠭᠡ ᠶᠢᠨ ᠪᠡᠷᠬᠡ ᠬᠠᠲᠠᠭᠤᠵᠢᠯᠲᠠᠢ ᠴᠢᠨᠠᠷ ᠪᠣᠯᠤᠨ ᠴᠢᠬᠤᠯᠠ ᠴᠢᠨᠠᠷ ᠢ ᠭᠦᠨᠵᠡᠭᠡᠢ | ᠣᠶᠢᠯᠠᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠳᠡᠭᠡᠳᠦ ᠬᠡᠮᠵᠢᠶᠡᠨ ᠤ ᠤᠯᠤᠰ | ᠲᠦᠷᠦ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ | ᠣᠷᠣᠯᠴᠠᠪᠠ᠃ ᠶᠠᠰᠤ ᠴᠢᠨᠠᠷ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠶᠠᠰᠤ ᠴᠢᠨᠠᠷ ᠤᠨ ᠴᠢᠩᠭ᠎ᠠ ᠪᠠᠷᠢᠮᠵᠢᠶ᠎ᠠ | ᠲᠣᠭᠲᠠᠭᠠᠬᠤ ᠪᠠᠷ ᠳᠠᠮᠵᠢᠭᠤᠯᠤᠨ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠨᠢᠭᠡᠴᠡ ᠶᠢ ᠠᠮᠤᠷ ᠲᠦᠪᠰᠢᠨ ᠤ | ᠬᠠᠮᠢᠶᠠᠷᠤᠯᠲᠠ ᠪᠠᠨ ᠴᠢᠩᠭᠠᠳᠬᠠᠵᠤ᠂ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠦ | ᠱᠠᠭᠠᠷᠳᠠᠪᠠ᠃ | | | 4 ᠰᠠᠷ᠎ᠠ ᠶᠢᠨ 9 ᠤ ᠡᠳᠦᠷ ᠲᠥᠷᠥᠯ ᠵᠦᠢᠯ ᠤᠨ ᠠᠵᠢᠯ ᠡᠬᠢᠯᠡᠭᠰᠡᠨ ᠠᠴᠠ ᠨᠠᠰᠢ᠂ ᠲᠠᠷᠢᠶᠠᠯᠠᠩ ᠮᠠᠯ ᠠᠵᠤ ᠠᠬᠤᠶ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠠᠵᠢᠯᠲᠠᠳ ︽ᠲᠠᠷᠢᠶ᠎ᠠ᠂ ᠤᠰᠤ᠂ ᠵᠠᠮ᠂ ᠣᠶ ᠰᠢᠭᠤᠶ᠂ | ᠴᠠᠬᠢᠯᠭᠠᠨ︾ ᠵᠡᠷᠭᠡ ᠶᠢ ᠶᠡᠷᠦᠩᠬᠡᠶᠢᠯᠡᠨ ᠵᠠᠰᠠᠬᠤ ᠪᠠᠷ ᠭᠤᠤᠯᠳᠠᠯᠭ᠎ᠠ ᠪᠣᠯᠭᠠᠵᠤ᠂ ᠲᠠᠷᠢᠶᠠᠨ ᠭᠠᠵᠠᠷ ᠤᠨ ᠤᠰᠤᠯᠠᠬᠤ ᠤᠰᠤ | ᠵᠠᠯᠠᠬᠤ ᠰᠢᠰᠲ᠋ᠧᠮ ᠢ ᠬᠠᠲᠠᠭᠤᠷᠠᠭᠤᠯᠬᠤ᠂ ᠲᠠᠷᠢᠶᠠᠨ ᠭᠠᠵᠠᠷ ᠤᠨ ᠵᠠᠮ ᠢ ᠬᠠᠲᠠᠭᠤᠷᠠᠭᠤᠯᠬᠤ᠂ ᠨᠣᠭᠤᠭᠠᠷᠠᠭᠤᠯᠤᠯᠲᠠ ᠶᠢᠨ | ᠭᠤᠤᠯ ᠵᠠᠮ ᠵᠡᠷᠭᠡ ᠶᠢ ᠭᠤᠤᠯᠳᠠᠯᠭ᠎ᠠ ᠲᠠᠢ ᠵᠠᠰᠠᠬᠤ ᠪᠠ ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠳᠥᠷᠪᠡᠯᠵᠢᠬᠦ᠂ ᠵᠠᠮ ᠢ | ᠲᠣᠣᠷᠵᠢᠭᠤᠯᠬᠤ᠂ ᠤᠰᠤᠯᠠᠬᠤ ᠤᠰᠤ ᠵᠠᠯᠠᠬᠤ ᠰᠤᠪᠠᠭ ᠤᠨ ᠰᠢᠰᠲ᠋ᠧᠮ ᠢ ᠢᠵᠢ ᠪᠦᠷᠢᠳᠦᠭᠦᠯᠬᠦ᠂ ᠲᠠᠷᠢᠶᠠᠯᠠᠩ ᠤᠨ | ᠦᠢᠯᠡᠳᠪᠦᠷᠢᠯᠡᠯ ᠤᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠬᠤ ᠶᠢ ᠪᠡᠶᠡᠯᠡᠭᠦᠯᠵᠦ᠂ ᠲᠠᠷᠢᠶᠠᠯᠠᠩ ᠤᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠪᠡ᠃ ᠣᠲᠣ ᠪᠣᠯᠲᠠᠯ᠎ᠠ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠨᠢᠭᠡᠨᠲᠡ ᠪᠦᠬᠦᠨ ᠢ ᠳᠠᠭᠤᠰᠬᠠᠵᠤ᠂ ᠵᠠᠮ ᠤᠨ | ᠬᠠᠲᠠᠭᠤᠷᠠᠯ ᠢ ᠨᠢᠭᠡᠨᠲᠡ ᠪᠡᠶᠡᠯᠡᠭᠦᠯᠵᠦ᠂ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢ 10% ᠪᠠᠷ | ᠪᠡᠶᠡᠯᠡᠭᠦᠯᠵᠦ᠂ ᠴᠠᠬᠢᠯᠭᠠᠨ ᠬᠠᠩᠭᠠᠬᠤ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠡᠪ ᠤᠨ ᠬᠡᠷᠡᠭᠴᠡᠭᠡ ᠶᠢ ᠬᠠᠩᠭᠠᠵᠤ | ᠳᠡᠶᠢᠯᠬᠦ ᠪᠣᠯᠪᠠ᠃ ᠢᠯᠠᠩᠭᠤᠶ᠎ᠠ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠨᠢ ᠪᠥᠬᠦ ᠤᠯᠤᠰ ᠤᠨ ᠲᠤᠬᠠᠶ ᠶᠢᠨ ᠭᠠᠵᠠᠷ ᠤᠨ ᠬᠤᠷᠠᠯ ᠢ ᠤᠭᠲᠤᠬᠤ ᠪᠠᠷ ᠠᠵᠠ ᠲᠣᠬᠢᠶᠠᠯ ᠪᠣᠯᠭᠠᠵᠤ᠂ | ᠢᠨᠵᠧᠨᠧᠷᠢᠩ ᠤᠨ ᠤᠷ᠎ᠠ ᠮᠡᠷᠭᠡᠰᠢᠯ᠂ ᠢᠨᠵᠧᠨᠧᠷᠢᠩ ᠤᠨ ᠵᠠᠭᠪᠤᠷ ᠪᠠ ᠢᠨᠵᠧᠨᠧᠷᠢᠩ ᠤᠨ ᠶᠠᠰᠤ ᠴᠢᠨᠠᠷ᠂ ᠠᠮᠵᠢᠯᠲᠠ | ᠪᠦᠲᠦᠮᠵᠢ ᠶᠢ ᠪᠦᠬᠦᠨ ᠢ ᠰᠢᠨ᠎ᠡ ᠶᠢ ᠡᠭᠦᠳᠬᠦ ᠴᠢᠨᠠᠷᠲᠠᠶ ᠪᠠᠷ ᠰᠠᠶᠢᠵᠢᠷᠠᠭᠤᠯᠵᠤ᠂ ᠬᠥᠭᠵᠢᠨ ᠮᠠᠨᠳᠤᠬᠤ ᠪᠠ ᠥᠪᠡᠷᠮᠢᠴᠡ | ᠣᠨᠴᠠᠯᠢᠭ ᠲᠠᠢ᠂ ᠬᠥᠭᠵᠢᠯ ᠪᠠ ᠪᠣᠳᠠᠲᠠᠶ ᠳᠤ ᠨᠡᠶᠢᠴᠡᠭᠰᠡᠨ ᠶᠠᠰᠤ ᠴᠢᠨᠠᠷ ᠤᠨ ᠵᠠᠮ ᠢᠶᠠᠷ ᠵᠠᠮᠨᠠᠪᠠ᠃ | ᠣᠳᠣᠬᠠᠨ ᠳᠤ᠂ 2024 ᠣᠨ ᠳᠤ ᠰᠢᠩ ᠾᠧ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ | ᠵᠦᠢᠯ ᠢ ᠶᠠᠭ ᠯᠠᠪᠳᠠᠭᠤᠨ ᠢᠶᠠᠷ ᠠᠬᠢᠭᠤᠯᠬᠤ ᠶᠢᠨ ᠬᠠᠮᠲᠤ ᠢᠯᠡᠳᠲᠡ ᠦᠷ᠎ᠡ ᠪᠦᠲᠦᠮᠵᠢ ᠣᠯᠵᠤ᠂ ᠵᠢᠱᠢᠯᠲᠡ ᠪᠠᠷ 10 | ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠨ᠎ᠠ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |