ᠮᠠᠨ ᠤ ᠰᠢᠶᠠᠨ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/6/7
    ᠪᠦᠬᠦ ᠨᠡᠶᠢᠭᠡᠮ ᠤᠨ ᠠᠮᠤᠷ ᠲᠦᠪᠰᠢᠨ ᠤ ᠤᠬᠠᠮᠰᠠᠷ ᠪᠣᠯᠤᠨ ᠠᠶᠤᠯ ᠠᠴᠠ ᠵᠠᠶᠢᠯᠠᠵᠤ ᠠᠮᠢ ᠵᠢᠭᠤᠲᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 6 ᠤ ᠡᠳᠦᠷ᠂ ᠮᠠᠨ ᠤ ᠰᠢᠶᠠᠨ ᠰᠢᠨ᠎ᠡ ᠱᠢ ᠵᠢᠢ ᠠᠭᠤᠳᠠᠮ ᠲᠠᠯᠠᠪᠠᠢ ᠳᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃    ᠡᠨᠡ ᠵᠢᠯ ᠤᠨ 6 ᠰᠠᠷ᠎ᠠ ᠪᠣᠯ 23 ᠳ᠋ᠤᠭᠠᠷ ᠪᠦᠬᠦ ᠤᠯᠤᠰ ᠤᠨ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠪᠣᠯᠤᠨ᠎ᠠ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ︾ ᠪᠠᠷ ᠭᠤᠤᠯ ᠰᠡᠳᠦᠪ ᠪᠤᠯᠭᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠯᠪᠣᠭᠳᠠᠯ ᠪᠦᠬᠦᠢ ᠨᠢᠭᠡᠴᠢ ᠪᠣᠯᠤᠨ ᠠᠵᠤ ᠠᠬᠤᠶᠢᠯᠠᠯ ᠤᠨ ᠲᠥᠯᠥᠭᠡᠯᠡᠭᠴᠢ ᠲᠠᠩᠭᠠᠷᠢᠭᠯᠠᠭᠰᠠᠨ ᠪᠥᠭᠡᠳ ᠤᠯᠠᠨ ᠲᠦᠮᠡᠨ ᠳᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠮᠠᠲ᠋ᠧᠷᠢᠶᠠᠯ ᠪᠣᠯᠤᠨ ᠲᠤᠬᠠᠢ ᠶᠢᠨ ᠲᠠᠯᠠᠪᠠᠢ ᠳᠤ ᠠᠰᠠᠭᠤᠨ ᠯᠠᠪᠯᠠᠬᠤ ᠲᠠᠶᠢᠯᠤᠮᠵᠢ ᠬᠢᠵᠦ᠂ ᠠᠮᠤᠷ ᠲᠦᠪᠰᠢᠨ ᠤ ᠮᠡᠳᠡᠯᠭᠡ ᠶᠢ ᠪᠦᠬᠦ ᠲᠠᠯ᠎ᠠ ᠪᠠᠷ ᠲᠦᠭᠡᠮᠡᠯᠵᠢᠭᠦᠯᠵᠦ᠂ ᠪᠦᠬᠦ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠤᠨ ᠠᠶᠤᠯ ᠠᠴᠠ ᠵᠠᠶᠢᠯᠠᠵᠤ ᠠᠮᠢ ᠵᠢᠭᠤᠲᠠᠬᠤ ᠴᠢᠳᠠᠪᠤᠷᠢ ᠶᠢ ᠳᠡᠭᠡᠭᠰᠢᠯᠡᠭᠦᠯᠪᠡ᠃    ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯᠯᠠᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠠᠯᠢ ᠤᠯᠠᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠺᠠᠳ᠋ᠷ ᠤᠯᠠᠨ ᠲᠦᠮᠡᠨ ᠤ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠴᠢᠩᠭᠠᠳᠬᠠᠵᠤ᠂ ᠠᠶᠤᠯᠭᠦᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠵᠤ᠂ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ ᠤᠯᠠᠨ ᠠᠷᠠᠳ ᠲᠦᠮᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠢᠳᠡᠪᠬᠢᠵᠢᠯ᠂ ᠤᠬᠠᠮᠰᠠᠷᠲᠤ ᠴᠢᠨᠠᠷ ᠪᠣᠯᠤᠨ ᠪᠦᠲᠦᠭᠡᠯᠴᠢ ᠴᠢᠨᠠᠷ ᠢ ᠬᠥᠭᠵᠢᠭᠡᠵᠦ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃    ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ‌‍ᠶᠢᠨ ᠲᠣᠪᠴᠢᠶ᠎ᠠ ᠵᠡᠷᠭᠡ ᠡᠯ᠎ᠡ ᠠᠶᠤᠯᠭᠦᠶ ᠦᠢᠯᠡᠳᠪᠦᠷᠢᠯᠡᠯ‌‍ᠤᠨ ᠵᠥᠪᠯᠡᠯ ᠤᠨ ᠪᠦᠷᠢᠯᠳᠦᠬᠦᠨ ᠨᠢᠭᠡᠴᠡ᠂ 85 ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ᠂ ᠪᠠᠷᠤᠭ 300 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠤ᠂ ᠠᠵᠢᠯᠯᠠᠭ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠭᠠᠮᠰᠢᠭ‌ᠢ ᠰᠡᠷᠭᠡᠶᠢᠯᠡᠨ ᠭᠠᠮᠰᠢᠭ‌ᠢ ᠪᠠᠭᠠᠰᠬᠠᠬᠤ᠂ ᠪᠠᠴᠢᠮ ᠪᠠᠶᠢᠳᠠᠯ ᠢ ᠠᠷᠭᠠᠴᠠᠬᠤ ᠠᠮᠤᠷ ᠲᠦᠪᠰᠢᠨ ᠤ ᠤᠬᠠᠭᠤᠯᠭ᠎ᠠ ᠶᠢᠨ ᠭᠠᠷ ᠳᠡᠪᠲᠡᠷ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 3000 ᠭᠠᠷᠤᠶ ᠬᠤᠪᠢ ᠲᠠᠷᠬᠠᠭᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3