6 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠯᠢ ᠺᠠᠶ ᠳ᠋ᠦᠩ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠢᠯᠣᠭᠤᠳᠤᠭᠰᠠᠨ ᠪᠥᠭᠡᠳ ᠨᠠᠮ ᠤᠨ ᠬᠤᠷᠢᠶᠠᠨ ᠤ | ᠭᠡᠰᠢᠭᠦᠳ ᠡᠷᠦᠬᠡ ᠳᠤ ᠣᠷᠣᠵᠤ ᠬᠦᠴᠢᠷᠳᠡᠯᠲᠡᠶ ᠣᠯᠠᠨ ᠲᠦᠮᠡᠨ ᠢ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ | ᠥᠷᠨᠢᠭᠦᠯᠪᠡ᠃ | ᠰᠢᠨ ᠴᠸᠡᠭ ᠨᠡᠶᠢᠭᠡᠮ ᠲᠣᠭᠤᠷᠢᠭ ᠲᠤ᠂ ᠯᠢ ᠺᠠᠶ ᠳ᠋ᠦᠩ ᠦᠨᠳᠦᠰᠦᠨ ᠱᠠᠲᠤᠨ ᠤ ᠨᠠᠮ ᠤᠨ ᠭᠡᠰᠢᠭᠦᠨ | ᠺᠠᠳ᠋ᠷᠴᠤᠳ ᠲᠠᠢ ᠨᠢᠭᠤᠷᠳᠠᠨ ᠶᠠᠷᠢᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠯᠢ ᠺᠠᠶ ᠳ᠋ᠦᠩ ᠴᠢᠬᠤᠯᠠᠴᠢᠯᠠᠭᠰᠠᠨ ᠨᠢ᠂ ᠡᠯ᠎ᠡ ᠱᠠᠲᠤ | ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ | ᠠᠴᠢ ᠬᠤᠯᠪᠣᠭᠳᠠᠯ ᠪᠠ ᠭᠦᠨᠵᠡᠭᠡᠶ ᠠᠭᠤᠯᠤᠭᠳᠠᠬᠤᠨ ᠢ ᠭᠦᠢᠴᠡᠳ ᠲᠠᠨᠢᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ | ᠪᠣᠯᠭᠠᠨ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠶ ᠠᠳᠬᠤᠵᠤ᠂ ᠬᠠᠰᠢ ᠶᠠᠰᠢ ᠥᠩᠭᠡᠷᠡᠭᠦᠯᠬᠦ ᠥᠬᠡᠶ᠂ ᠪᠣᠳᠠᠲᠤ ᠦᠷ᠎ᠡ | ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠡᠭᠦᠷ ᠤᠨ ᠱᠦᠵᠢ ᠶᠢᠨ | ︽ᠳᠠᠭᠠᠭᠤᠯᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠪᠤᠰᠤᠳ ᠨᠠᠮ ᠤᠨ | ᠭᠡᠰᠢᠭᠦᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠲᠡᠮᠦᠷ ᠮᠡᠲᠦ ᠰᠠᠬᠢᠯᠭ᠎ᠠ ᠪᠠᠲᠤ ᠶᠢ | ᠡᠳᠦᠷ ᠲᠤᠲᠤᠮ ᠤᠨ ᠳᠠᠳᠬᠠᠯ ᠪᠠ ᠦᠢᠯᠡ ᠠᠵᠢᠯᠯᠠᠭ᠎ᠠ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠠᠵᠢᠯ ᠢ | ᠰᠠᠶᠢᠲᠤᠷ ᠬᠢᠬᠦ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠨᠳᠦᠰᠦᠨ ᠱᠠᠲᠤᠨ ᠤ ᠵᠠᠰᠠᠯᠲᠠ᠂ ᠣᠯᠠᠨ | ᠲᠦᠮᠡᠨ ᠳᠤ ᠦᠢᠯᠡᠴᠢᠯᠡᠬᠦ ᠳᠤᠮᠳᠠ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠣᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ ᠬᠢᠵᠦ᠂ ᠣᠯᠠᠨ | ᠲᠦᠮᠡᠨ ᠳᠤ ᠪᠣᠳᠠᠲᠤ ᠠᠰᠢᠭ ᠬᠦᠷᠲᠡᠭᠡᠬᠦ ᠬᠡᠷᠡᠭᠲᠡᠶ᠃ | ᠬᠦᠴᠢᠷᠳᠡᠯᠲᠡᠢ ᠤᠯᠠᠨ ᠲᠦᠮᠡᠨ ᠤ ᠭᠡᠷ ᠲᠤ᠂ ᠯᠢ ᠺᠠᠢ ᠳ᠋ᠦᠩ ᠲᠡᠳᠡᠨ ᠤ ᠪᠡᠶ᠎ᠡ ᠮᠠᠬᠠᠪᠣᠳ᠂ ᠠᠮᠢᠳᠤᠷᠠᠯ᠂ | ᠭᠡᠷ ᠪᠦᠯᠢ ᠵᠡᠷᠭᠡ ᠪᠠᠶᠢᠳᠠᠯ ᠢ ᠬᠠᠯᠠᠮᠵᠢᠯᠠᠨ ᠠᠰᠠᠭᠤᠭᠰᠠᠨ ᠪᠥᠭᠡᠳ ᠲᠡᠳᠡᠨ ᠢ ᠢᠳᠡᠪᠬᠢᠲᠡᠢ ᠪᠠᠶᠠᠰᠤᠩᠭᠤᠢ | ᠠᠮᠢᠳᠤᠷᠠᠬᠤ ᠶᠢ ᠵᠣᠷᠢᠭᠵᠢᠭᠤᠯᠪᠠ᠃ ᠲᠡᠷᠡ᠂ ᠠᠮᠢᠳᠤᠷᠠᠯ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠨ ᠲᠡᠳᠬᠦᠬᠦ | ᠪᠣᠯ ᠨᠠᠮ ᠤᠨ ᠰᠢᠯᠢᠳᠡᠭ ᠤᠯᠠᠮᠵᠢᠯᠠᠯ ᠮᠥᠨ᠂ ᠪᠠᠰᠠ ᠴᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠢᠬᠤᠯᠠ ᠡᠭᠦᠷᠭᠡ ᠬᠠᠷᠢᠭᠤᠴᠠᠯᠭ᠎ᠠ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠮᠢᠳᠤᠷᠠᠯ ᠨᠢ | ᠬᠦᠴᠢᠷᠳᠡᠯᠲᠡᠶ ᠣᠯᠠᠨ ᠲᠦᠮᠡᠨ ᠤ ᠬᠦᠴᠢᠷ ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ | ᠬᠦᠴᠢᠷᠳᠡᠯᠲᠡᠶ ᠬᠡᠷ ᠪᠦᠯᠢ ᠶᠢᠨ ᠪᠣᠳᠠᠲᠠᠶ ᠪᠠᠶᠢᠳᠠᠯ ᠢ ᠪᠥᠬᠦ ᠲᠠᠯ᠎ᠠ ᠪᠠᠷ᠂ ᠴᠠᠭ ᠲᠤᠬᠠᠶ ᠳᠤᠨᠢ᠂ ᠣᠨᠣᠪᠴᠢᠲᠠᠶ | ᠡᠵᠡᠮᠰᠢᠵᠦ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠶ | ᠨᠠᠶᠢᠳᠠᠪᠤᠷᠢᠵᠢᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠦᠨᠡᠨ ᠰᠡᠳᠬᠢᠯ ᠠᠴᠠ ᠪᠠᠨ ᠬᠦᠴᠢᠷᠳᠡᠯ ᠢ ᠨᠢ ᠰᠢᠢᠳᠪᠦᠷᠢᠯᠡᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ | ᠪᠥᠬᠦ ᠬᠦᠴᠦᠨ ᠢᠶᠠᠷ ᠢᠶᠠᠨ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |