ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠴᠢᠳᠠᠪᠤᠷᠢᠲᠠᠨ ᠢ | ᠬᠥᠮᠦᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠣᠰᠬᠤᠨ ᠤ ᠱᠠᠲᠤᠨ ᠤ ᠠᠵᠢᠯ ᠤᠨ ᠬᠢᠷᠢ ᠲᠦᠪᠰᠢᠨ ᠢ | ᠪᠦᠬᠦ ᠲᠠᠯ᠎ᠠ ᠪᠠᠷ ᠳᠡᠭᠡᠭᠰᠢᠯᠡᠭᠦᠯᠦᠨ᠂ ᠵᠠᠯᠠᠭᠤ ᠺᠠᠳ᠋ᠷᠴᠤᠳ ᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠳᠤᠮᠳᠠᠬᠢ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ 6 ᠰᠠᠷ᠎ᠠ ᠶᠢᠨ 25 ᠤ ᠡᠳᠦᠷ᠂ ᠳ᠋ᠠ ᠲᠦᠩ ᠶᠣᠣ ᠰᠢᠶᠠᠩ ᠤᠨ | ᠨᠠᠮ ᠤᠨ ᠬᠤᠷᠢᠶ᠎ᠠ ᠬᠤᠷᠠᠯ ᠬᠤᠷᠠᠯᠳᠤᠭᠤᠯᠵᠤ᠂ 10 ᠰᠢᠶᠠᠩ ᠤᠨ ᠪᠠᠶᠢᠭᠤᠯᠭ᠎ᠠ ᠶᠢᠨ ᠰᠢᠯᠢᠳᠡᠭ ᠵᠠᠯᠠᠭᠤ ᠺᠠᠳ᠋ᠷ ᠢ ᠵᠢᠱᠢᠶ᠎ᠡ | ᠦᠵᠡᠭᠦᠯᠬᠦ ᠲᠣᠰᠬᠤᠨ᠂ ᠭᠤᠣᠯᠳᠠᠯᠭ᠎ᠠ ᠲᠠᠢ ᠲᠣᠰᠬᠤᠨ ᠳᠤ ᠲᠣᠮᠢᠯᠠᠨ ᠲᠤᠰᠢᠶᠠᠯ ᠡᠭᠦᠷᠭᠡᠯᠡᠭᠦᠯᠵᠦ᠂ ᠨᠠᠮ ᠤᠨ ᠡᠭᠦᠷ ᠤᠨ | ᠱᠦᠵᠢ ᠶᠢᠨ ᠲᠤᠰᠠᠯᠠᠭᠴᠢ ᠪᠤᠶᠤ ᠲᠣᠰᠬᠤᠨ ᠤ ᠨᠠᠮ ᠤᠨ ᠬᠤᠷᠢᠶᠠᠨ ᠤ ᠡᠷᠬᠢᠯᠡᠭᠴᠢ ᠶᠢᠨ ᠲᠤᠰᠠᠯᠠᠭᠴᠢ ᠶᠢᠨ ᠲᠤᠰᠢᠶᠠᠯ ᠢ | ᠡᠭᠦᠷᠭᠡᠯᠡᠭᠦᠯᠬᠦ ᠪᠠᠷ ᠰᠤᠳᠤᠯᠤᠨ ᠲᠣᠭᠲᠠᠭᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠵᠠᠯᠠᠭᠤ ᠺᠠᠳ᠋ᠷᠴᠤᠳ ᠢ ᠲᠣᠰᠬᠤᠨ ᠳᠤ ᠰᠣᠩᠭᠤᠨ ᠲᠣᠮᠢᠯᠠᠵᠤ | ᠲᠤᠰᠢᠶᠠᠯ ᠡᠭᠦᠷᠭᠡᠯᠡᠭᠦᠯᠵᠦ᠂ ᠵᠠᠯᠠᠭᠤ ᠺᠠᠳ᠋ᠷᠴᠤᠳ ᠲᠤ ᠦᠰᠦᠨ ᠪᠤᠶᠢᠵᠢᠬᠤ ᠲᠠᠪᠴᠠᠩ ᠬᠠᠩᠭᠠᠬᠤ ᠶᠢᠨ ᠬᠠᠮᠲᠤ ᠵᠠᠯᠠᠭᠤ | ᠺᠠᠳ᠋ᠷᠴᠤᠳ ᠤᠨ ︽ᠠᠯᠪᠠᠨ ᠭᠡᠷ ᠲᠤ ᠰᠠᠭᠤᠵᠤ ᠠᠯᠪᠠᠯᠠᠬᠤ︾ ᠪᠠ ︽ᠲᠠᠷᠢᠶᠠᠨ ᠭᠠᠵᠠᠷ ᠲᠤ ᠭᠦᠨᠵᠡᠭᠡᠶᠢᠷᠡᠨ ᠠᠷᠠᠳ | ᠤᠯᠠᠨ ᠲᠠᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ︾ ᠲᠦᠷᠢ ᠲᠥᠷᠬᠦ ᠶᠢᠨ ᠠᠭᠤᠰᠤᠯᠴᠠᠯ ᠢ ᠪᠡᠶᠡᠯᠡᠭᠦᠯᠵᠦ᠂ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠳᠤ ᠰᠡᠳᠬᠢᠯ ᠲᠠᠯᠪᠢᠨ ᠦᠢᠯᠡᠴᠢᠯᠡᠨ᠎ᠡ᠃ | ᠬᠤᠶᠠᠷ ᠲᠤ᠂ ᠵᠠᠯᠠᠭᠤᠴᠤᠳ ᠤᠨ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠠᠵᠢᠯ ᠳᠤ | ᠰᠢᠨ᠎ᠡ ᠰᠡᠳᠬᠢᠬᠦᠢ ᠶᠢ ᠠᠪᠴᠢᠷᠠᠵᠤ᠂ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠲᠦᠷ ᠴᠠᠭ ᠲᠤᠰᠢᠶᠠᠯ ᠡᠭᠦᠷᠭᠡᠯᠡᠬᠦ | ᠲᠣᠰᠬᠤᠨ ᠤ ᠠᠵᠢᠯ ᠤᠨ ᠰᠠᠭᠤᠷᠢ ᠶᠢ ᠪᠠᠬᠢᠵᠢᠭᠦᠯᠵᠦ᠂ ᠠᠵᠢᠯ ᠤᠨ ᠵᠢᠷᠤᠮᠵᠢᠯ ᠢ ᠳᠡᠭᠡᠭᠰᠢᠯᠡᠭᠦᠯᠵᠦ᠂ ᠲᠣᠰᠬᠤᠨ ᠤ ︽ | ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠴᠢᠳᠠᠪᠤᠷᠢ ᠶᠢ ᠳᠡᠭᠡᠭᠰᠢᠯᠡᠭᠦᠯᠬᠦ᠂ ᠲᠣᠰᠬᠤᠨ ᠤ ᠬᠠᠮᠲᠤ ᠶᠢᠨ ᠠᠵᠤ | ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠬᠤ᠂ ᠲᠣᠰᠬᠤᠨ ᠤ ᠳᠦᠷᠰᠦ ᠪᠠᠶᠢᠳᠠᠯ ᠢ ᠦᠷᠭᠦᠯᠵᠢᠯᠡᠨ ᠰᠢᠯᠢᠳᠡᠭᠵᠢᠭᠦᠯᠦᠨ | ᠭᠤᠶᠤᠵᠢᠭᠤᠯᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠲᠣᠰ ᠤᠳᠠᠭᠠᠨ ᠤ ᠲᠤᠰᠢᠶᠠᠯ ᠡᠭᠦᠷᠭᠡᠯᠡᠨ | ᠪᠣᠯᠪᠠᠰᠤᠷᠠᠭᠤᠯᠬᠤ ᠪᠠᠷ ᠳᠡᠮᠵᠢᠨ᠂ ᠬᠡᠪ ᠴᠢᠨᠠᠷ ᠢᠶᠠᠷ ᠴᠢᠩᠭ᠎ᠠ᠂ ᠣᠪᠣᠷ ᠰᠤᠷᠲᠠᠯ ᠰᠢᠯᠢᠳᠡᠭ ᠰᠠᠶᠢᠨ᠂ ᠣᠯᠠᠨ ᠲᠦᠮᠡᠨ ᠳᠤ | ᠮᠡᠳᠡᠷᠡᠭᠳᠡᠭᠰᠡᠨ ᠨᠢᠭᠡᠨ ᠰᠠᠯᠠᠭ᠎ᠠ ᠺᠠᠳ᠋ᠷ ᠤᠨ ᠡᠩᠨᠡᠭᠡ ᠶᠢ ᠬᠥᠮᠦᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠪᠠᠲᠤ ᠴᠢᠩᠭ᠎ᠠ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠶᠢᠨ ᠲᠥᠯᠥᠭᠡ ᠶᠤᠮ᠃ | ᠳᠠᠷᠠᠭᠠᠴᠢ ᠶᠢᠨ ᠠᠯᠬᠤᠮ ᠳᠤ᠂ ᠳ᠋ᠠ ᠲᠦᠩ ᠶᠣᠣ ᠰᠢᠶᠠᠩ ᠦᠷᠭᠦᠯᠵᠢᠯᠡᠨ ᠬᠠᠲᠠᠭᠤ ᠳᠠᠶᠢᠯᠠᠯᠳᠤᠭᠠᠨ ᠬᠢᠵᠦ᠂ | ᠬᠦᠨᠳᠦ ᠡᠭᠦᠷᠭᠡ ᠶᠢ ᠡᠭᠦᠷᠭᠡᠯᠡᠵᠦ᠂ ᠰᠢᠯᠢᠳᠡᠭ ᠵᠠᠯᠠᠭᠤ ᠺᠠᠳ᠋ᠷ ᠢ ᠰᠣᠩᠭᠤᠨ ᠭᠠᠷᠭᠠᠵᠤ᠂ ᠬᠡᠷᠡᠭᠯᠡᠵᠦ᠂ ᠪᠣᠳᠠᠲᠤ | ᠠᠵᠢᠯᠯᠠᠭ᠎ᠠ ᠪᠠᠷ ᠢᠶᠠᠨ ︽ᠶᠡᠭᠡ ᠲᠡᠷᠭᠡ︾ ᠶᠢᠨ ᠳᠠᠷᠤᠭᠠᠰᠤ ᠶᠢ ᠬᠥᠩᠭᠡᠷᠡᠭᠦᠯᠵᠦ᠂ ︽ᠮᠤᠷᠢᠨ ᠲᠡᠷᠭᠡ︾ ᠳᠤ ᠴᠢᠳᠠᠪᠤᠷᠢ | ᠣᠯᠭᠤᠵᠤ᠂ ᠦᠷᠭᠦᠯᠵᠢᠯᠡᠨ ᠬᠦᠴᠦᠯᠡᠵᠦ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠤᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠦᠨᠳᠦᠰᠦᠨ ᠱᠠᠲᠤᠨ ᠤ ᠵᠠᠰᠠᠯᠲᠠ ᠶᠢᠨ ︽ᠪᠢᠴᠢᠬᠠᠨ ᠮᠣᠷᠢ ᠴᠢᠷᠦᠭᠦᠯ ᠲᠡᠷᠭᠡ︾ ᠶᠢᠨ | ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠭᠡᠰᠢᠭᠦᠨ ᠺᠠᠳ᠋ᠷᠴᠤᠳ ᠢ ᠦᠨᠡᠨᠬᠦ ᠭᠠᠷ ᠲᠠᠯᠪᠢᠵᠤ᠂ ᠠᠯᠬᠤᠭᠤᠯᠵᠤ᠂ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠮᠵᠢ ᠶᠢ ᠦᠨᠳᠦᠰᠦᠨ ᠱᠠᠲᠤᠨ ᠤ ᠵᠠᠰᠠᠯᠲᠠ ᠶᠢᠨ | ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |