ᠯᠢ ᠺᠠᠶ ᠳ᠋ᠦᠩ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠢᠯᠣᠭᠤᠳᠴᠤ᠂ ᠨᠠᠮ ᠤᠨ ᠬᠤᠷᠢᠶᠠᠨ ᠤ ᠭᠡᠰᠢᠭᠦᠳ ᠤᠨ ᠡᠷᠦᠬᠡ ᠳᠤ ᠣᠷᠣᠵᠤ ᠬᠦᠴᠢᠷᠳᠡᠯᠲᠡᠢ ᠤᠯᠠᠨ ᠲᠦᠮᠡᠨ ᠢ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/1
   6 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠢᠯᠣᠭᠤᠳᠤᠭᠰᠠᠨ ᠪᠥᠭᠡᠳ ᠨᠠᠮ ᠤᠨ ᠬᠤᠷᠢᠶᠠᠨ ᠤ ᠭᠡᠰᠢᠭᠦᠳ ᠡᠷᠦᠬᠡ ᠳᠤ ᠣᠷᠣᠵᠤ ᠬᠦᠴᠢᠷᠳᠡᠯᠲᠡᠶ ᠣᠯᠠᠨ ᠲᠦᠮᠡᠨ ᠢ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃      ᠰᠢᠨ ᠴᠸᠡᠭ ᠨᠡᠶᠢᠭᠡᠮ ᠲᠣᠭᠤᠷᠢᠭ ᠲᠤ᠂ ᠯᠢ ᠺᠠᠶ ᠳ᠋ᠦᠩ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠠᠢ ᠨᠢᠭᠤᠷᠳᠠᠨ ᠶᠠᠷᠢᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠯᠢ ᠺᠠᠶ ᠳ᠋ᠦᠩ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠭᠦᠨᠵᠡᠭᠡᠶ ᠠᠭᠤᠯᠤᠭᠳᠠᠬᠤᠨ ᠢ ᠭᠦᠢᠴᠡᠳ ᠲᠠᠨᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠶ ᠠᠳᠬᠤᠵᠤ᠂ ᠬᠠᠰᠢ ᠶᠠᠰᠢ ᠥᠩᠭᠡᠷᠡᠭᠦᠯᠬᠦ ᠥᠬᠡᠶ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠡᠭᠦᠷ ᠤᠨ ᠱᠦᠵᠢ ᠶᠢᠨ ︽ᠳᠠᠭᠠᠭᠤᠯᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠪᠤᠰᠤᠳ ᠨᠠᠮ ᠤᠨ ᠭᠡᠰᠢᠭᠦᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠲᠡᠮᠦᠷ ᠮᠡᠲᠦ ᠰᠠᠬᠢᠯᠭ᠎ᠠ ᠪᠠᠲᠤ ᠶᠢ ᠡᠳᠦᠷ ᠲᠤᠲᠤᠮ ᠤᠨ ᠳᠠᠳᠬᠠᠯ ᠪᠠ  ᠦᠢᠯᠡ ᠠᠵᠢᠯᠯᠠᠭ᠎ᠠ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠨᠳᠦᠰᠦᠨ ᠱᠠᠲᠤᠨ ᠤ ᠵᠠᠰᠠᠯᠲᠠ᠂ ᠣᠯᠠᠨ ᠲᠦᠮᠡᠨ ᠳᠤ ᠦᠢᠯᠡᠴᠢᠯᠡᠬᠦ ᠳᠤᠮᠳᠠ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠣᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ ᠬᠢᠵᠦ᠂ ᠣᠯᠠᠨ ᠲᠦᠮᠡᠨ ᠳᠤ ᠪᠣᠳᠠᠲᠤ ᠠᠰᠢᠭ ᠬᠦᠷᠲᠡᠭᠡᠬᠦ ᠬᠡᠷᠡᠭᠲᠡᠶ᠃      ᠬᠦᠴᠢᠷᠳᠡᠯᠲᠡᠢ ᠤᠯᠠᠨ ᠲᠦᠮᠡᠨ ᠤ ᠭᠡᠷ ᠲᠤ᠂ ᠯᠢ ᠺᠠᠢ ᠳ᠋ᠦᠩ ᠲᠡᠳᠡᠨ ᠤ ᠪᠡᠶ᠎ᠡ ᠮᠠᠬᠠᠪᠣᠳ᠂ ᠠᠮᠢᠳᠤᠷᠠᠯ᠂ ᠭᠡᠷ ᠪᠦᠯᠢ ᠵᠡᠷᠭᠡ ᠪᠠᠶᠢᠳᠠᠯ ᠢ ᠬᠠᠯᠠᠮᠵᠢᠯᠠᠨ ᠠᠰᠠᠭᠤᠭᠰᠠᠨ ᠪᠥᠭᠡᠳ ᠲᠡᠳᠡᠨ ᠢ ᠢᠳᠡᠪᠬᠢᠲᠡᠢ ᠪᠠᠶᠠᠰᠤᠩᠭᠤᠢ ᠠᠮᠢᠳᠤᠷᠠᠬᠤ ᠶᠢ ᠵᠣᠷᠢᠭᠵᠢᠭᠤᠯᠪᠠ᠃ ᠲᠡᠷᠡ᠂ ᠠᠮᠢᠳᠤᠷᠠᠯ ᠬᠦᠴᠢᠷᠳᠡᠯᠲᠡᠢ ᠤᠯᠠᠨ ᠲᠦᠮᠡᠨ ᠢ ᠬᠠᠯᠠᠮᠵᠢᠯᠠᠨ ᠲᠡᠳᠬᠦᠬᠦ ᠪᠣᠯ ᠨᠠᠮ ᠤᠨ ᠰᠢᠯᠢᠳᠡᠭ ᠤᠯᠠᠮᠵᠢᠯᠠᠯ ᠮᠥᠨ᠂ ᠪᠠᠰᠠ ᠴᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠬᠤᠯᠠ ᠡᠭᠦᠷᠭᠡ ᠬᠠᠷᠢᠭᠤᠴᠠᠯᠭ᠎ᠠ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠮᠢᠳᠤᠷᠠᠯ ᠨᠢ ᠬᠦᠴᠢᠷᠳᠡᠯᠲᠡᠶ ᠣᠯᠠᠨ ᠲᠦᠮᠡᠨ ᠤ ᠬᠦᠴᠢᠷ ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠬᠦᠴᠢᠷᠳᠡᠯᠲᠡᠶ ᠬᠡᠷ ᠪᠦᠯᠢ ᠶᠢᠨ ᠪᠣᠳᠠᠲᠠᠶ ᠪᠠᠶᠢᠳᠠᠯ ᠢ ᠪᠥᠬᠦ ᠲᠠᠯ᠎ᠠ ᠪᠠᠷ᠂ ᠴᠠᠭ ᠲᠤᠬᠠᠶ ᠳᠤᠨᠢ᠂ ᠣᠨᠣᠪᠴᠢᠲᠠᠶ ᠡᠵᠡᠮᠰᠢᠵᠦ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠰᠡᠳᠬᠢᠯ ᠠᠴᠠ ᠪᠠᠨ ᠬᠦᠴᠢᠷᠳᠡᠯ ᠢ ᠨᠢ ᠰᠢᠢᠳᠪᠦᠷᠢᠯᠡᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠪᠥᠬᠦ ᠬᠦᠴᠦᠨ ᠢᠶᠠᠷ ᠢᠶᠠᠨ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3