ᠰᠢᠩ ᠾᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠵᠢᠩᠬᠢᠨᠢ ᠪᠠᠷ ᠫᠠᠶᠢᠰᠠ ᠡᠯᠭᠦᠪᠡ
ᠨᠡᠶᠢᠲᠡᠯᠡᠭᠰᠡᠨ ᠴᠠᠭ᠄
2024/7/1
     ᠤᠯᠤᠰ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ 6 ᠰᠠᠷ᠎ᠠ ᠶᠢᠨ 28 ᠤ ᠡᠳᠦᠷ᠂ ᠰᠢᠩ ᠾᠧ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠰᠢᠩ ᠾᠧ ᠰᠢᠶᠠᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃ ᠰᠢᠶᠠᠨ ᠤ ᠤᠳᠤᠷᠢᠳᠤᠯᠭ᠎ᠠ ᠹᠦ᠋ ᠬᠠᠢ ᠶᠠᠨ᠂ ᠰᠦᠨ ᠬᠠᠢ ᠵᠢᠶᠦ᠋ᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃  
       ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠪᠣᠯ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠭᠤᠤᠯ ᠬᠦᠴᠦᠨ ᠴᠡᠷᠢᠭ ᠪᠠ ᠤᠯᠤᠰ ᠤᠨ ᠠᠩᠭᠢ ᠪᠠᠶᠢᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠡᠯ᠎ᠡ ᠲᠥᠷᠥᠯ ᠤᠨ ᠭᠠᠶ ᠭᠠᠮᠰᠢᠭ ᠤᠨ ᠠᠳᠡᠯ ᠢ ᠠᠷᠭᠠᠴᠠᠨ ᠰᠢᠢᠳᠪᠦᠷᠢᠯᠡᠬᠦ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠶᠡᠷᠦᠩᠬᠡᠶ ᠠᠩᠭᠢ ᠠᠴᠠ ᠳᠣᠷᠣᠭᠰᠢᠬᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠳᠤ ᠰᠠᠭᠤᠭ᠎ᠠ ᠭᠠᠵᠠᠷ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠣᠪᠴᠢᠶ᠎ᠠ ᠶᠢᠨ ᠫᠠᠶᠢᠰᠠ ᠶᠢ ᠨᠡᠮᠡᠨ ᠡᠯᠭᠦᠭᠰᠡᠨ ᠶᠠᠪᠤᠳᠠᠯ ᠪᠣᠯ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠨᠠᠮ ᠤᠨ ᠲᠥᠪ ᠬᠤᠷᠢᠶᠠᠨ ᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠰᠢᠩ ᠾᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠫᠠᠶᠢᠰᠠ ᠡᠯᠭᠦᠭᠰᠡᠨ ᠤ ᠳᠠᠷᠠᠭ᠎ᠠ᠂ ᠬᠠᠷᠢᠶ᠎ᠠ ᠭᠠᠵᠠᠷ ᠤᠨ ᠭᠠᠯ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠭᠡᠵᠦ᠂ ᠮᠠᠨ ᠤ ᠰᠢᠶᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠬᠢᠷᠢ ᠲᠦᠪᠰᠢᠨ ᠪᠠ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠨᠳᠥᠷ ᠬᠢᠷᠢ ᠲᠦᠪᠰᠢᠨ ᠪᠥᠬᠦᠶ ᠭᠠᠯ ᠤᠨᠲᠠᠷᠠᠭᠠᠬᠤ ᠠᠮᠤᠷ ᠲᠦᠪᠰᠢᠨ ᠤ ᠦᠢᠯᠡᠴᠢᠯᠡᠭᠡ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠪᠣᠯᠤᠨ᠎ᠠ᠃
     ᠰᠢᠩ ᠾᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠫᠠᠶᠢᠰᠠ ᠡᠯᠭᠦᠬᠦ ᠪᠠᠷ ᠰᠢᠨ᠎ᠡ ᠭᠠᠷᠤᠭ᠎ᠠ ᠪᠣᠯᠭᠠᠵᠤ᠂ ᠰᠢᠩ ᠾᠧ ᠰᠢᠶᠠᠨ ᠤ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠠᠭᠤᠰᠤᠯᠴᠠᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠬᠦᠨᠳᠦ ᠡᠭᠦᠷᠭᠡ ᠶᠢ ᠨᠠᠩ ᠰᠠᠶᠢᠲᠤᠷ ᠡᠭᠦᠷᠭᠡᠯᠡᠵᠦ᠂ ︽ᠨᠢᠭᠡ ᠭᠠᠵᠠᠷ ᠤᠨ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠤᠨ ᠠᠮᠤᠷ ᠲᠦᠪᠰᠢᠨ ᠢ ᠪᠠᠲᠤᠯᠠᠬᠤ︾ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠠᠷᠠᠳ ᠤᠨ ᠠᠮᠤᠷ ᠲᠦᠪᠰᠢᠨ ᠢ ᠪᠠᠲᠤᠯᠠᠬᠤ᠂ ᠠᠷᠠᠳ ᠲᠦᠮᠡᠨ ᠳᠤ ᠪᠤᠶᠠᠨ ᠤᠶᠢᠯᠡᠳᠬᠦ ᠪᠣᠳᠠᠲᠤ ᠠᠵᠢᠯᠯᠠᠭ᠎ᠠ ᠪᠠᠷ ᠢᠶᠠᠨ ᠡᠩᠨᠡᠭᠡᠨ ᠤ ᠰᠢᠨ᠎ᠡ ᠳᠦᠷᠰᠦ ᠪᠠᠶᠢᠳᠠᠯ᠂ ᠰᠢᠨ᠎ᠡ ᠡᠭᠦᠷᠭᠡᠯᠡᠯ ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠪᠣᠯᠤᠨ᠎ᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3