ᠳ᠋ᠠ ᠲᠦᠩ ᠶᠣᠣ ᠰᠢᠶᠠᠩ ᠤᠨ ᠰᠣᠩᠭᠤᠨ ᠲᠣᠮᠢᠯᠠᠭᠰᠠᠨ ᠪᠠᠶᠢᠭᠤᠯᠭ᠎ᠠ ᠶᠢᠨ ᠵᠠᠯᠠᠭᠤ ᠺᠠᠳ᠋ᠷ ᠢ ᠲᠣᠰᠬᠤᠨ ᠳᠤ ᠲᠣᠮᠢᠯᠠᠨ ᠲᠤᠰᠢᠶᠠᠯ ᠡᠭᠦᠷᠭᠡᠯᠡᠭᠦᠯᠦᠨ᠎ᠡ
ᠨᠡᠶᠢᠲᠡᠯᠡᠭᠰᠡᠨ ᠴᠠᠭ᠄
2024/7/1
     ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠣᠰᠬᠤᠨ ᠤ ᠱᠠᠲᠤᠨ ᠤ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠵᠠᠯᠠᠭᠤ ᠺᠠᠳ᠋ᠷᠴᠤᠳ ᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤᠮᠳᠠᠬᠢ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ 6 ᠰᠠᠷ᠎ᠠ ᠶᠢᠨ 25 ᠤ ᠡᠳᠦᠷ᠂ ᠳ᠋ᠠ ᠲᠦᠩ ᠶᠣᠣ ᠰᠢᠶᠠᠩ ᠤᠨ ᠨᠠᠮ ᠤᠨ ᠬᠤᠷᠢᠶ᠎ᠠ ᠬᠤᠷᠠᠯ ᠬᠤᠷᠠᠯᠳᠤᠭᠤᠯᠵᠤ᠂ 10 ᠰᠢᠶᠠᠩ ᠤᠨ ᠪᠠᠶᠢᠭᠤᠯᠭ᠎ᠠ ᠶᠢᠨ ᠰᠢᠯᠢᠳᠡᠭ ᠵᠠᠯᠠᠭᠤ ᠺᠠᠳ᠋ᠷ ᠢ ᠵᠢᠱᠢᠶ᠎ᠡ ᠦᠵᠡᠭᠦᠯᠬᠦ ᠲᠣᠰᠬᠤᠨ᠂ ᠭᠤᠣᠯᠳᠠᠯᠭ᠎ᠠ ᠲᠠᠢ ᠲᠣᠰᠬᠤᠨ ᠳᠤ ᠲᠣᠮᠢᠯᠠᠨ ᠲᠤᠰᠢᠶᠠᠯ ᠡᠭᠦᠷᠭᠡᠯᠡᠭᠦᠯᠵᠦ᠂ ᠨᠠᠮ ᠤᠨ ᠡᠭᠦᠷ ᠤᠨ ᠱᠦᠵᠢ ᠶᠢᠨ ᠲᠤᠰᠠᠯᠠᠭᠴᠢ ᠪᠤᠶᠤ ᠲᠣᠰᠬᠤᠨ ᠤ ᠨᠠᠮ ᠤᠨ ᠬᠤᠷᠢᠶᠠᠨ ᠤ ᠡᠷᠬᠢᠯᠡᠭᠴᠢ ᠶᠢᠨ ᠲᠤᠰᠠᠯᠠᠭᠴᠢ ᠶᠢᠨ ᠲᠤᠰᠢᠶᠠᠯ ᠢ ᠡᠭᠦᠷᠭᠡᠯᠡᠭᠦᠯᠬᠦ ᠪᠠᠷ ᠰᠤᠳᠤᠯᠤᠨ ᠲᠣᠭᠲᠠᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠵᠠᠯᠠᠭᠤ ᠺᠠᠳ᠋ᠷᠴᠤᠳ ᠢ ᠲᠣᠰᠬᠤᠨ ᠳᠤ ᠰᠣᠩᠭᠤᠨ ᠲᠣᠮᠢᠯᠠᠵᠤ ᠲᠤᠰᠢᠶᠠᠯ ᠡᠭᠦᠷᠭᠡᠯᠡᠭᠦᠯᠵᠦ᠂ ᠵᠠᠯᠠᠭᠤ ᠺᠠᠳ᠋ᠷᠴᠤᠳ ᠲᠤ ᠦᠰᠦᠨ ᠪᠤᠶᠢᠵᠢᠬᠤ ᠲᠠᠪᠴᠠᠩ ᠬᠠᠩᠭᠠᠬᠤ ᠶᠢᠨ ᠬᠠᠮᠲᠤ ᠵᠠᠯᠠᠭᠤ ᠺᠠᠳ᠋ᠷᠴᠤᠳ ᠤᠨ ︽ᠠᠯᠪᠠᠨ ᠭᠡᠷ ᠲᠤ ᠰᠠᠭᠤᠵᠤ ᠠᠯᠪᠠᠯᠠᠬᠤ︾ ᠪᠠ ︽ᠲᠠᠷᠢᠶᠠᠨ ᠭᠠᠵᠠᠷ ᠲᠤ ᠭᠦᠨᠵᠡᠭᠡᠶᠢᠷᠡᠨ ᠠᠷᠠᠳ ᠤᠯᠠᠨ ᠲᠠᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ︾ ᠲᠦᠷᠢ ᠲᠥᠷᠬᠦ ᠶᠢᠨ ᠠᠭᠤᠰᠤᠯᠴᠠᠯ ᠢ ᠪᠡᠶᠡᠯᠡᠭᠦᠯᠵᠦ᠂ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠳᠤ ᠰᠡᠳᠬᠢᠯ ᠲᠠᠯᠪᠢᠨ ᠦᠢᠯᠡᠴᠢᠯᠡᠨ᠎ᠡ᠃ ᠬᠤᠶᠠᠷ ᠲᠤ᠂ ᠵᠠᠯᠠᠭᠤᠴᠤᠳ ᠤᠨ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠠᠵᠢᠯ ᠳᠤ ᠰᠢᠨ᠎ᠡ ᠰᠡᠳᠬᠢᠬᠦᠢ ᠶᠢ ᠠᠪᠴᠢᠷᠠᠵᠤ᠂ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠲᠦᠷ ᠴᠠᠭ ᠲᠤᠰᠢᠶᠠᠯ ᠡᠭᠦᠷᠭᠡᠯᠡᠬᠦ ᠲᠣᠰᠬᠤᠨ ᠤ ᠠᠵᠢᠯ ᠤᠨ ᠰᠠᠭᠤᠷᠢ ᠶᠢ ᠪᠠᠬᠢᠵᠢᠭᠦᠯᠵᠦ᠂ ᠠᠵᠢᠯ ᠤᠨ ᠵᠢᠷᠤᠮᠵᠢᠯ ᠢ ᠳᠡᠭᠡᠭᠰᠢᠯᠡᠭᠦᠯᠵᠦ᠂ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠴᠢᠳᠠᠪᠤᠷᠢ ᠶᠢ ᠳᠡᠭᠡᠭᠰᠢᠯᠡᠭᠦᠯᠬᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠬᠤ᠂ ᠲᠣᠰᠬᠤᠨ ᠤ ᠳᠦᠷᠰᠦ ᠪᠠᠶᠢᠳᠠᠯ ᠢ ᠦᠷᠭᠦᠯᠵᠢᠯᠡᠨ ᠰᠢᠯᠢᠳᠡᠭᠵᠢᠭᠦᠯᠦᠨ ᠭᠤᠶᠤᠵᠢᠭᠤᠯᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠲᠣᠰ ᠤᠳᠠᠭᠠᠨ ᠤ ᠲᠤᠰᠢᠶᠠᠯ ᠡᠭᠦᠷᠭᠡᠯᠡᠨ ᠪᠣᠯᠪᠠᠰᠤᠷᠠᠭᠤᠯᠬᠤ ᠪᠠᠷ ᠳᠡᠮᠵᠢᠨ᠂ ᠬᠡᠪ ᠴᠢᠨᠠᠷ ᠢᠶᠠᠷ ᠴᠢᠩᠭ᠎ᠠ᠂ ᠣᠪᠣᠷ ᠰᠤᠷᠲᠠᠯ ᠰᠢᠯᠢᠳᠡᠭ ᠰᠠᠶᠢᠨ᠂ ᠣᠯᠠᠨ ᠲᠦᠮᠡᠨ ᠳᠤ ᠮᠡᠳᠡᠷᠡᠭᠳᠡᠭᠰᠡᠨ ᠨᠢᠭᠡᠨ ᠰᠠᠯᠠᠭ᠎ᠠ ᠺᠠᠳ᠋ᠷ ᠤᠨ ᠡᠩᠨᠡᠭᠡ ᠶᠢ ᠬᠥᠮᠦᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠴᠢᠩᠭ᠎ᠠ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠶᠢᠨ ᠲᠥᠯᠥᠭᠡ ᠶᠤᠮ᠃      ᠳᠠᠷᠠᠭᠠᠴᠢ ᠶᠢᠨ ᠠᠯᠬᠤᠮ ᠳᠤ᠂ ᠳ᠋ᠠ ᠲᠦᠩ ᠶᠣᠣ ᠰᠢᠶᠠᠩ ᠦᠷᠭᠦᠯᠵᠢᠯᠡᠨ ᠬᠠᠲᠠᠭᠤ ᠳᠠᠶᠢᠯᠠᠯᠳᠤᠭᠠᠨ ᠬᠢᠵᠦ᠂ ᠬᠦᠨᠳᠦ ᠡᠭᠦᠷᠭᠡ ᠶᠢ ᠡᠭᠦᠷᠭᠡᠯᠡᠵᠦ᠂ ᠰᠢᠯᠢᠳᠡᠭ ᠵᠠᠯᠠᠭᠤ ᠺᠠᠳ᠋ᠷ ᠢ ᠰᠣᠩᠭᠤᠨ ᠭᠠᠷᠭᠠᠵᠤ᠂ ᠬᠡᠷᠡᠭᠯᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠶᠡᠭᠡ ᠲᠡᠷᠭᠡ︾ ᠶᠢᠨ ᠳᠠᠷᠤᠭᠠᠰᠤ ᠶᠢ ᠬᠥᠩᠭᠡᠷᠡᠭᠦᠯᠵᠦ᠂ ︽ᠮᠤᠷᠢᠨ ᠲᠡᠷᠭᠡ︾ ᠳᠤ ᠴᠢᠳᠠᠪᠤᠷᠢ ᠣᠯᠭᠤᠵᠤ᠂ ᠦᠷᠭᠦᠯᠵᠢᠯᠡᠨ ᠬᠦᠴᠦᠯᠡᠵᠦ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠦᠨᠳᠦᠰᠦᠨ ᠱᠠᠲᠤᠨ ᠤ ᠵᠠᠰᠠᠯᠲᠠ ᠶᠢᠨ ︽ᠪᠢᠴᠢᠬᠠᠨ ᠮᠣᠷᠢ ᠴᠢᠷᠦᠭᠦᠯ ᠲᠡᠷᠭᠡ︾ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠭᠡᠰᠢᠭᠦᠨ ᠺᠠᠳ᠋ᠷᠴᠤᠳ ᠢ ᠦᠨᠡᠨᠬᠦ ᠭᠠᠷ ᠲᠠᠯᠪᠢᠵᠤ᠂ ᠠᠯᠬᠤᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠦᠷ᠎ᠡ ᠪᠦᠲᠦᠮᠵᠢ ᠶᠢ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3