ᠯᠢ ᠺᠠᠶ ᠳ᠋ᠦᠩ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠵᠢᠴᠢ ᠠᠶᠤᠯᠭᠦᠶ ᠦᠢᠯᠡᠳᠪᠦᠷᠢᠯᠡᠯ ᠵᠡᠷᠭᠡ ᠬᠠᠮᠢᠶ᠎ᠠ ᠪᠦᠬᠦᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/10
     7 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠮᠠᠨ ᠤ ᠰᠢᠶᠠᠨ ᠤ ᠳ᠋ᠢᠶᠠᠨ ᠽᠢ ᠪᠠᠯᠭᠠᠰᠤᠨ ᠤ ᠰᠤᠮᠤᠨ ᠠᠭᠤᠯᠠ᠂ ᠡᠷᠳᠡᠨᠢ ᠪᠠᠯᠭᠠᠰᠤᠨ ᠤ ᠯᠣᠣ ᠯᠢ ᠬᠠᠶ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠵᠢᠴᠢ ᠠᠶᠤᠯᠭᠦᠶ ᠦᠢᠯᠡᠳᠪᠦᠷᠢᠯᠡᠯ ᠵᠡᠷᠭᠡ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠤᠳᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠤᠤ ᠷᠦᠢ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠤᠤ ᠬᠤᠢ ᠵᠢᠤᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠯᠢ ᠺᠠᠶ ᠳ᠋ᠦᠩ ᠨᠡᠷ ᠳ᠋ᠢᠶᠠᠨ ᠽᠢ ᠪᠠᠯᠭᠠᠰᠤᠨ ᠤ ᠰᠤᠮᠤᠨ ᠠᠭᠤᠯᠠ ᠶᠢᠨ ᠣᠶ ᠰᠢᠭᠤᠶ ᠶᠢᠨ ᠲᠠᠯᠠᠪᠠᠶ ᠳᠤ ᠭᠦᠨᠵᠡᠭᠡᠶᠢᠷᠡᠵᠦ᠂ ᠣᠶ ᠰᠢᠭᠤᠶ ᠶᠢᠨ ᠲᠠᠯᠠᠪᠠᠶ ᠶᠢᠨ ᠭᠤᠤᠯ ᠵᠠᠮ ᠤᠨ ᠬᠠᠵᠠᠭᠤ ᠶᠢᠨ ᠭᠤᠤ᠂ ᠮᠣᠳᠣᠨ ᠬᠥᠭᠦᠷᠭᠡᠨ ᠵᠠᠮ ᠵᠡᠷᠭᠡ ᠭᠠᠵᠠᠷ ᠤᠨ ᠰᠡᠷᠡᠮᠵᠢᠯᠡᠭᠦᠯᠬᠦ ᠲᠡᠮᠳᠡᠭ ᠤᠨ ᠪᠠᠶᠢᠷᠢᠯᠠᠭᠤᠯᠤᠯᠲᠠ ᠵᠢᠴᠢ ᠣᠶ ᠰᠢᠭᠤᠶ ᠶᠢᠨ ᠲᠠᠯᠠᠪᠠᠶ ᠶᠢᠨ ᠵᠢᠭᠤᠯᠴᠢᠯᠠᠯ ᠤᠨ ᠦᠢᠯᠡᠴᠢᠯᠡᠭᠡᠨ ᠤ ᠪᠠᠲᠤᠯᠠᠭ᠎ᠠ᠂ ᠠᠶᠤᠯ ᠥᠬᠡᠶ ᠦᠢᠯᠡᠳᠪᠦᠷᠢᠯᠡᠯ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠶ ᠰᠢᠭᠤᠶ ᠶᠢᠨ ᠲᠠᠯᠠᠪᠠᠶ ᠶᠢᠨ ᠬᠤᠯᠪᠣᠭᠳᠠᠯ ᠪᠥᠬᠦᠶ ᠬᠠᠷᠢᠭᠤᠴᠠᠬᠤ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠯᠢ ᠺᠠᠶ ᠳ᠋ᠦᠩ ᠴᠢᠬᠤᠯᠠᠴᠢᠯᠠᠭᠰᠠᠨ ᠨᠢ᠂ ᠠᠮᠤᠷ ᠲᠦᠪᠰᠢᠨ ᠪᠣᠯ ᠵᠢᠭᠤᠯᠴᠢᠯᠠᠯ ᠤᠨ ᠠᠵᠤ ᠦᠢᠯᠡᠰ ᠤᠨ ᠰᠠᠭᠤᠷᠢ ᠪᠠ ᠤᠷᠢᠲᠠᠯ ᠮᠥᠨ᠂ ᠣᠶ ᠰᠢᠭᠤᠶ ᠶᠢᠨ ᠲᠠᠯᠠᠪᠠᠶ ᠶᠢᠨ ᠡᠵᠡᠩᠨᠡᠯᠲᠡ ᠶᠢᠨ ᠠᠵᠤ ᠠᠬᠤᠶᠢᠯᠠᠯ ᠡᠷᠬᠡᠪᠰᠢ ︽ᠠᠮᠤᠷ ᠲᠦᠪᠰᠢᠨ ᠤ ᠪᠣᠭᠤᠮᠲᠠ︾ ᠶᠢ ᠰᠠᠶᠢᠲᠤᠷ ᠡᠵᠡᠮᠳᠡᠵᠦ᠂ ︽ᠠᠮᠤᠷ ᠲᠦᠪᠰᠢᠨ ᠤ ᠠᠵᠢᠯ ᠤᠨ ᠪᠠᠶᠢᠷᠢ︾ ᠶᠢ ᠰᠠᠶᠢᠲᠤᠷ ᠵᠣᠭᠰᠣᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠ ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ ᠰᠣᠨᠣᠷ ᠰᠡᠷᠡᠮᠵᠢ ᠪᠠᠷ ᠦᠵᠡᠮᠵᠢ ᠶᠢᠨ ᠣᠷᠣᠨ ᠤ ᠠᠮᠤᠷ ᠲᠦᠪᠰᠢᠨ ᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠶ᠃ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ ᠪᠠᠶᠢᠴᠠᠭᠠᠯᠲᠠ ᠶᠢᠨ ᠣᠷᠢᠶᠠᠯᠠᠭᠤᠷ ᠮᠠᠰᠢᠨ᠂ ᠦᠵᠡᠮᠵᠢ ᠶᠢᠨ ᠣᠷᠣᠨ ᠤ ᠵᠠᠮ ᠬᠠᠷᠢᠯᠴᠠᠭ᠎ᠠ᠂ ᠬᠥᠭᠦᠷᠭᠡᠨ ᠵᠠᠮ ᠵᠡᠷᠭᠡ ᠭᠤᠣᠯᠳᠠᠯᠭ᠎ᠠ ᠲᠠᠢ ᠣᠷᠣᠨ ᠪᠦᠰᠡ ᠪᠣᠯᠤᠨ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠳᠠᠯᠳᠠ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ ᠠᠷᠢᠯᠭᠠᠨ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠡᠬᠢ ᠪᠠᠶᠠᠯᠢᠭ᠂ ᠣᠷᠣᠨ ᠪᠠᠶᠢᠷᠢ ᠶᠢᠨ ᠳᠠᠪᠠᠭᠤᠯᠢᠭ ᠲᠤ ᠰᠠᠭᠤᠷᠢᠯᠠᠵᠤ᠂ ᠦᠵᠡᠮᠵᠢ ᠶᠢᠨ ᠣᠷᠣᠨ ᠤ ᠠᠭᠤᠯᠭ᠎ᠠ ᠶᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠵᠤᠭᠠᠴᠠᠯ ᠤᠨ ᠬᠡᠯᠬᠢᠶ᠎ᠡ ᠶᠢ ᠤᠷᠲᠤᠳᠬᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠦᠵᠡᠮᠵᠢ ᠶᠢᠨ ᠣᠷᠣᠨ ᠤ ᠠᠯᠳᠠᠷᠰᠢᠯ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠩ ᠣᠯᠠᠨ ᠡᠷᠬᠢᠨ ᠲᠣᠭᠤᠷᠢᠨ ᠤ ᠭᠠᠵᠠᠷ ᠣᠷᠣᠨ ᠤ ᠵᠤᠭᠠᠴᠠᠭᠰᠠᠳ ᠢ ᠲᠠᠲᠠᠬᠤ ᠬᠡᠷᠡᠭᠲᠡᠶ᠃      ᠡᠷᠳᠡᠨᠢ ᠪᠠᠯᠭᠠᠰᠤᠨ ᠤ ᠯᠣᠣ ᠯᠢ ᠬᠠᠢ ᠳᠤ᠂ ᠯᠢ ᠺᠠᠶ ᠳ᠋ᠦᠩ ᠨᠡᠷ ᠣᠶᠢᠷ᠎ᠠ ᠶᠢᠨ ᠬᠤᠭᠤᠴᠠᠭᠠᠨ ᠤ ᠲᠤᠨᠳᠠᠰᠤᠨ ᠤ ᠬᠡᠮᠵᠢᠶ᠎ᠡ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠨᠠᠶᠢᠳᠠᠪᠤᠷᠢᠵᠢᠭᠤᠯᠤᠭᠰᠠᠨ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠡᠮ ᠰᠣᠭᠤᠭ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠤᠰᠤᠨ ᠣᠷᠣᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠰᠡᠳᠬᠢᠬᠦᠶ ᠪᠠᠨ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠰᠠᠶᠢᠲᠤᠷ ᠠᠳᠬᠤᠵᠤ᠂ ᠦᠶᠡᠷ ᠤᠨ ᠬᠤᠭᠤᠴᠠᠭᠠᠨ ᠤ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠲᠦᠭᠰᠢᠭᠦᠷᠢᠲᠦ ᠪᠠᠶᠢᠳᠠᠯ ᠢ ᠨᠢᠭᠲᠠ ᠠᠩᠬᠠᠷᠴᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠡᠯ᠎ᠡ ᠵᠦᠢᠯ ᠤᠨ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠬᠡᠷᠡᠭᠲᠡᠶ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠵᠤ᠂ ᠳᠡᠭᠡᠳᠦ ᠲᠠᠰ ᠤᠨ ᠵᠢᠭᠤᠯᠴᠢᠯᠠᠯ ᠬᠢᠭᠡᠳ ᠣᠯᠠᠨ ᠨᠡᠶᠢᠲᠡ ᠶᠢᠨ ᠵᠢᠭᠤᠯᠴᠢᠯᠠᠯ ᠢ ᠤᠶᠠᠯᠳᠤᠭᠤᠯᠵᠤ᠂ ᠵᠢᠭᠤᠯᠴᠢᠯᠠᠯ ᠤᠨ ᠰᠣᠳᠣᠨ ᠵᠠᠮ ᠱᠤᠭᠤᠮ ᠢ ᠲᠠᠰᠤᠷᠠᠯᠲᠠ ᠥᠬᠡᠶ ᠰᠦᠪᠡᠭᠴᠢᠯᠡᠬᠦ ᠬᠡᠷᠡᠭᠲᠡᠶ᠃ ︽ᠵᠢᠭᠤᠯᠴᠢᠯᠠᠯ︾ ᠤᠨ ᠵᠠᠭᠪᠤᠷ ᠢ ᠭᠦᠨᠵᠡᠭᠡᠢ ᠠᠬᠢᠭᠤᠯᠵᠤ᠂ ᠠᠳᠠᠯᠢ ᠪᠤᠰᠤ ᠵᠢᠭᠤᠯᠴᠢᠯᠠᠭᠴᠢᠳ ᠤᠨ ᠬᠠᠮᠲᠤᠯᠢᠭ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃         ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3