ᠰᠢᠩ ᠾᠧ ᠰᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠢ ᠵᠢᠷᠤᠮᠵᠢᠭᠤᠯᠬᠤ ᠪᠠ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2024/7/15
     ︽5000 ᠵᠢᠯ ᠤᠨ ᠲᠡᠦᠬᠡ ᠰᠣᠶᠣᠯ ᠤᠨ ᠦᠪᠡᠳᠡᠭᠰᠢ ᠨᠠᠶᠢᠷ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠭᠰᠡᠨ ᠁︾ ᠲᠦᠷᠦᠭᠦᠬᠡᠨ᠂ ᠤᠯᠠᠭᠠᠨᠴᠠᠪ ᠬᠤᠲᠠ ᠶᠢᠨ ᠰᠢᠩ ᠾᠧ ᠰᠢᠶᠠᠨ ︽ᠤᠯᠠᠭᠠᠨ ᠪᠥᠴᠡᠲᠡᠨ ᠤ ᠡᠬᠡ ᠤᠯᠤᠰ ᠤᠨ ᠨᠠᠮ ᠢᠶᠠᠨ ᠬᠠᠶᠢᠷᠠᠯᠠᠬᠤ ᠥᠯᠢᠭᠡᠷ ᠢ ᠪᠢ ᠤᠯᠠᠭᠠᠨ ᠪᠥᠴᠡᠲᠡᠨ ᠤ ᠲᠠᠶᠢᠯᠪᠤᠷᠢᠯᠠᠭᠴᠢ ᠪᠣᠯᠬᠤ ᠪᠠᠷ ᠴᠢᠷᠮᠠᠶᠢᠬᠤ︾ ᠤᠷᠤᠯᠳᠤᠭᠠᠨ ᠡᠷᠭᠢᠯᠡᠵᠦ᠂ ᠪᠢᠴᠢᠬᠠᠨ ᠲᠠᠶᠢᠯᠪᠤᠷᠢᠯᠠᠭᠴᠢ ᠪᠠᠷᠢᠮᠵᠢᠶ᠎ᠠ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠪᠠ ᠬᠤᠰᠢᠭᠤᠴᠢ ᠳᠠᠭᠤᠷᠢᠶᠠᠯ ᠤᠨ ᠥᠯᠢᠭᠡᠷ ᠢ ᠠᠮᠢᠳᠤᠯᠢᠭ ᠢᠶᠠᠷ ᠶᠠᠷᠢᠪᠠ᠃      ᠣᠶᠢᠷ᠎ᠠ ᠶᠢᠨ ᠵᠢᠯ ᠠᠴᠠ᠂ ᠰᠢᠩ ᠾᠧ ᠰᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠬᠡᠮᠵᠢᠶ᠎ᠡ ᠪᠠ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠪᠠ᠃      ᠰᠢᠩ ᠾᠧ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠭᠤᠤᠯ ᠰᠡᠳᠦᠪᠲᠦ ᠤᠯᠤᠰ ᠤᠨ ᠲᠤᠭ ᠮᠠᠨᠳᠤᠭᠤᠯᠬᠤ ᠶᠣᠰᠣᠯᠠᠯ᠂ ᠤᠯᠤᠰ ᠤᠨ ᠲᠤᠭ ᠤᠨ ᠳᠣᠤᠷᠠᠬᠢ ᠶᠠᠷᠢᠶ᠎ᠠ᠂ ᠭᠤᠤᠯ ᠰᠡᠳᠦᠪᠲᠦ ᠬᠠᠭᠤᠯᠤᠮᠠᠯ ᠰᠣᠨᠢᠨ᠂ ᠭᠤᠤᠯ ᠰᠡᠳᠦᠪᠲᠦ ᠠᠩᠭᠢ ᠶᠢᠨ ᠬᠤᠷᠠᠯ ᠵᠡᠷᠭᠡ ᠰᠢᠷᠢᠰ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠤᠷᠤᠭᠴᠢᠳ ᠢ ᠢᠳᠡᠪᠬᠢᠲᠡᠶ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠮᠡᠳᠡᠷᠡᠮᠵᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠦᠵᠡᠯ ᠰᠠᠨᠠᠭᠠᠨ ᠤ ᠰᠠᠭᠤᠷᠢ ᠶᠢ ᠪᠠᠲᠤᠳᠬᠠᠪᠠ᠃      ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠡᠨᠡᠬᠦ ᠭᠤᠣᠯ ᠱᠤᠭᠤᠮ ᠤᠨ ᠲᠤᠬᠠᠢ ᠲᠠᠨᠢᠯᠲᠠ ᠶᠢ ᠴᠢᠩᠭᠠᠳᠬᠠᠬᠤ ᠶᠢᠨ ᠲᠥᠯᠥᠭᠡ᠂ ᠰᠢᠩ ᠬᠤᠸᠠ ᠨᠡᠶᠢᠭᠡᠮ ᠲᠣᠭᠤᠷᠢᠭ ᠢᠶᠠᠷ ᠲᠤᠷᠰᠢᠯᠲᠠ ᠶᠢᠨ ᠴᠡᠭ ᠪᠣᠯᠭᠠᠵᠤ᠂ ᠡᠭᠦᠳᠦᠨ ᠪᠠᠶᠢᠭᠤᠯᠬᠤ ᠠᠵᠢᠯ ᠪᠣᠯᠤᠨ ᠭᠤᠣᠯ ᠠᠵᠢᠯ ᠢ ᠣᠷᠭᠠᠨᠢᠭ ᠢᠶᠠᠷ ᠠᠭᠤᠰᠤᠯᠴᠠᠭᠤᠯᠵᠤ᠂ ᠦᠨᠳᠦᠰᠦᠲᠡᠨ ᠤ ᠠᠵᠢᠯ ᠤᠨ ︽ᠤᠯᠠᠭᠠᠨ ᠠᠨᠠᠷ ᠭᠡᠷ ᠣᠷᠣᠨ︾ ᠭᠡᠬᠦ ᠰᠢᠨ᠎ᠡ ᠲᠦᠷᠦᠯ ᠲᠡᠮᠳᠡᠭ ᠢ ᠡᠭᠦᠳᠴᠦ᠂ ︽ᠤᠯᠠᠭᠠᠨ ᠠᠨᠠᠷ ᠭᠡᠷ︾᠎ ᠤᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠤᠨ ᠲᠠᠩᠬᠢᠮ ᠢ ᠪᠠᠶᠢᠭᠤᠯᠵᠤ᠂ ᠬᠡᠦᠬᠡᠳ ᠤᠳ ᠢ ᠬᠢᠴᠢᠶᠡᠯ ᠤᠨ ᠳᠡᠪᠲᠡᠷ ᠠᠴᠠ ᠭᠠᠷᠭᠠᠵᠤ᠂ ᠨᠡᠶᠢᠭᠡᠮ ᠤᠨ ᠠᠮᠢᠳᠤᠷᠠᠯ ᠳᠤ ᠣᠷᠣᠯᠴᠠᠭᠤᠯᠵᠤ᠂ ᠦᠢᠯᠡᠳᠦᠯᠭᠡ ᠶᠢᠨ ᠳᠤᠮᠳᠠ ᠮᠡᠳᠡᠯᠭᠡ ᠰᠤᠷᠤᠯᠴᠠᠭᠤᠯᠵᠤ᠂ ᠦᠢᠯᠡᠳᠦᠯᠭᠡ ᠶᠢᠨ ᠳᠤᠮᠳᠠ ᠦᠰᠦᠨ ᠪᠤᠶᠢᠵᠢᠭᠤᠯᠪᠠ᠃      ᠢᠯᠠᠩᠭᠤᠶ᠎ᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠠᠵᠢᠯ ᠤᠨ ᠲᠥᠰᠦᠯ ᠢ ᠲᠣᠭᠲᠠᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠤᠨ ᠵᠢᠷᠤᠮᠵᠢᠭᠤᠯᠤᠯᠲᠠ ᠪᠠ ᠪᠠᠷᠢᠮᠵᠢᠶᠠᠵᠢᠭᠤᠯᠤᠯᠲᠠ ᠶᠢ ᠲᠦᠯᠬᠢᠨ ᠠᠬᠢᠭᠤᠯᠵᠤ᠂ ᠣᠳᠣᠬᠠᠨ ᠳᠤ᠂ ᠰᠢᠩ ᠾᠧ ᠰᠢᠶᠠᠨ ᠤ ᠪᠠᠭᠰᠢ ᠨᠡᠶᠢᠲᠡᠯᠢᠭ ᠬᠡᠯᠡᠨ ᠤ ᠵᠡᠷᠭᠡ ᠠᠵᠢᠯ ᠤᠨ ᠪᠠᠶᠢᠷᠢ ᠳᠤ ᠭᠠᠷᠤᠭᠰᠠᠨ ᠨᠣᠷᠮ᠎ᠠ 100 %᠎ ᠳᠤ ᠬᠦᠷᠴᠦ᠂ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠶᠢᠨ ᠨᠡᠶᠢᠲᠡᠯᠢᠭ ᠬᠡᠯᠡᠨ ᠤ ᠪᠠᠷᠢᠮᠵᠢᠶ᠎ᠠ ᠳᠤ ᠬᠦᠷᠦᠭᠰᠡᠨ ᠨᠣᠷᠮ᠎ᠠ 91.2 %᠎ ᠳᠤ ᠬᠦᠷᠪᠡ᠃ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠪᠠᠷᠢᠮᠵᠢᠶ᠎ᠠ ᠳᠤ ᠬᠦᠷᠦᠭᠰᠡᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ ᠡᠭᠦᠨ ᠳᠤ 12 ᠰᠤᠷᠭᠠᠭᠤᠯᠢ ︵ᠬᠡᠤᠬᠡᠳ ᠤᠨ ᠴᠡᠴᠡᠷᠯᠢᠭ︶᠎ ᠨᠢ ᠬᠤᠲᠠ ᠶᠢᠨ ᠱᠠᠲᠤᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠱᠢᠶ᠎ᠡ ᠦᠵᠡᠭᠦᠯᠬᠦ ᠰᠤᠷᠭᠠᠭᠤᠯᠢ ᠪᠠᠷ ᠨᠡᠷᠡᠯᠡᠭᠳᠡᠵᠦ᠂ 31 ᠰᠤᠷᠭᠠᠭᠤᠯᠢ ︵ᠬᠡᠤᠬᠡᠳ ᠤᠨ ᠴᠡᠴᠡᠷᠯᠢᠭ︶᠎ ᠨᠢ ᠰᠢᠶᠠᠨ ᠤ ᠱᠠᠲᠤᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠪᠠᠷᠢᠮᠵᠢᠶ᠎ᠠ ᠳᠤ ᠬᠦᠷᠦᠭᠰᠡᠨ ᠰᠤᠷᠭᠠᠭᠤᠯᠢ ᠪᠠᠷ ᠨᠡᠷᠡᠯᠡᠭᠳᠡᠪᠡ᠃ ᠬᠤᠶᠠᠷ ᠵᠦᠢᠯ ᠤᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠤᠭᠰᠠᠨ ᠨᠢ ᠪᠠᠭᠰᠢ ᠰᠤᠷᠤᠭᠴᠢᠳ ᠤᠨ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠬᠥᠳᠡᠭᠡ ᠲᠣᠰᠬᠤᠨ ᠤ ᠭᠠᠵᠠᠷ ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠦᠭᠡᠮᠡᠯᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ ︵ᠬᠦᠸᠧ ᠴᠢ ᠨᠠᠨ  ᠵᠦᠩ ᠵᠧᠨ ᠵᠢᠶᠦ᠋ᠨ︶                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3