ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠮᠠᠨ ᠤ ᠰᠢᠶᠠᠨ ᠳᠤ ᠬᠦᠷᠴᠦ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/16
     7 ᠰᠠᠷ᠎ᠠ ᠶᠢᠨ 15᠎ ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠹᠸᠢ ᠮᠢᠩ ᠨᠡᠷ ᠮᠠᠨ ᠤ ᠰᠢᠶᠠᠨ ᠳᠤ ᠬᠦᠷᠴᠦ 2024 ᠣᠨ ᠤ ᠲᠥᠯᠥᠪᠯᠡᠭᠡ᠂ ᠲᠥᠰᠦᠪ ᠤᠨ ᠳᠡᠭᠡᠷ᠎ᠡ ᠬᠠᠭᠠᠰ ᠵᠢᠯ ᠤᠨ ᠭᠦᠢᠴᠡᠳᠬᠡᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠤᠤ ᠷᠦᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠹᠦ᠋ ᠬᠠᠢ ᠶᠠᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠤᠸᠠᠨ ᠢ ᠶᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠮᠠᠨ ᠤ ᠰᠢᠶᠠᠨ ᠤ ᠬᠠᠢ ᠲᠠᠢ ᠰᠢᠨ ᠨᠧᠩ ︵ᠰᠢᠩ ᠡᡁᠧ︶ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠦᠩ ᠱᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠰᠢᠩ ᠡᡁᠧ ᠰᠠᠨ ᠮᠧᠢ ᠪᠣᠬᠢᠷᠲᠤᠯ ᠦᠭᠡᠢ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠲᠦᠷᠦᠯ ᠵᠦᠢᠯ ᠤᠨ ᠣᠨᠴᠠᠯᠢᠭ᠂ ᠪᠦᠳᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠪᠠᠶᠢᠴᠠᠭᠠᠨ ᠰᠤᠳᠤᠯᠤᠭᠰᠠᠨ ᠤ ᠳᠠᠷᠠᠭ᠎ᠠ ᠰᠢᠩ ᠾᠧ ᠰᠢᠶᠠᠨ ᠤ 2024 ᠣᠨ ᠤ ᠲᠥᠯᠥᠪᠯᠡᠭᠡ᠂ ᠲᠥᠰᠦᠪ ᠤᠨ ᠳᠡᠭᠡᠷ᠎ᠡ ᠬᠠᠭᠠᠰ ᠵᠢᠯ ᠤᠨ ᠬᠡᠷᠡᠭᠵᠢᠭᠦᠯᠦᠯᠲᠡ ᠶᠢᠨ ᠪᠠᠶᠢᠳᠠᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃      ᠶᠠᠷᠢᠯᠴᠠᠬᠤ ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠹᠦ᠋ ᠬᠠᠢ ᠶᠠᠨ ᠮᠠᠨ ᠤ ᠰᠢᠶᠠᠨ ᠤ 2024 ᠣᠨ ᠤ ᠲᠥᠯᠥᠪᠯᠡᠭᠡ᠂ ᠲᠥᠰᠦᠪ ᠤᠨ ᠳᠡᠭᠡᠷ᠎ᠡ ᠬᠠᠭᠠᠰ ᠵᠢᠯ ᠤᠨ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠤ 2024 ᠣᠨ ᠤ ᠳᠡᠭᠡᠷ᠎ᠡ ᠬᠠᠭᠠᠰ ᠵᠢᠯ ᠤᠨ ᠠᠵᠢᠯ ᠢ ᠨᠤᠲᠠᠯᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠲᠦᠷᠦᠯ ᠵᠦᠢᠯ ᠤᠨ ᠪᠠᠷᠢᠯᠭ᠎ᠠ ᠶᠢᠨ ᠠᠬᠢᠴᠠ ᠶᠢ ᠠᠳᠬᠤᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ᠂ ᠲᠦᠷᠦᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠬᠤ ᠶᠢ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠤᠷᠤᠭᠰᠢᠯᠠᠵᠤ᠂ ᠨᠡᠪᠲᠡᠷᠡᠯᠴᠡᠭᠡ ᠪᠠᠨ ᠴᠢᠩᠭᠠᠳᠬᠠᠨ᠂ ᠬᠠᠷᠢᠯᠴᠠᠨ ᠬᠠᠮᠵᠢᠯᠴᠠᠵᠤ᠂ ᠠᠵᠤ ᠠᠬᠤᠶᠢᠯᠠᠯ ᠢ ᠵᠣᠬᠢᠴᠠᠭᠤᠯᠤᠨ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠬᠡᠷᠡᠭᠲᠡᠢ᠃ ᠪᠣᠳᠠᠲᠤ ᠪᠠᠶᠢᠳᠠᠯ ᠳᠤ ᠰᠠᠭᠤᠷᠢᠯᠠᠵᠤ᠂ ᠠᠯᠤᠰ ᠬᠡᠳᠤ ᠶᠢᠨ ᠲᠥᠯᠥᠪᠵᠢᠭᠦᠯᠵᠦ᠂ ᠠᠯᠤᠰ ᠬᠡᠳᠤ ᠶᠢᠨ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ ᠬᠠᠷᠠᠴᠠ ᠪᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠰᠡᠨ ᠤᠰᠤ᠂ ᠴᠠᠬᠢᠯᠭᠠᠨ᠂ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠥᠯᠥᠪᠵᠢᠭᠦᠯᠬᠦ ᠬᠡᠷᠡᠭᠲᠡᠢ᠃ ᠲᠦᠷᠦᠯ ᠵᠦᠢᠯ ᠤᠨ ᠪᠠᠶᠢᠷᠢᠰᠢᠭᠤᠯᠤᠯᠲᠠ᠂ ᠠᠵᠤ ᠦᠢᠯᠡᠰ ᠤᠨ ᠰᠢᠰᠲ᠋ᠧᠮ ᠢ ᠲᠥᠯᠥᠪᠵᠢᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠰᠢᠩ ᠾᠧ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3