ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠨᠡᠶᠢᠰᠯᠡᠯ ᠤᠨ ︽ᠠᠷᠤ ᠴᠡᠴᠡᠷᠯᠢᠭ ︾᠎ ᠢ ᠪᠥᠲᠥᠭᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/7/16
   
     ᠴᠠᠭ      2024-07-16      ᠬᠦᠨᠳᠦᠲᠦ ᠵᠣᠴᠢᠨ      ᠰᠢᠩ ᠾᠧ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠠᠨ ᠵᠢᠶᠠᠨ ᠪᠢᠨ      ᠲᠣᠪᠴᠢᠯᠠᠯ      ᠰᠢᠩ ᠾᠧ ᠰᠢᠶᠠᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠡᠶᠢᠰᠯᠡᠯ ᠤᠨ ︽ᠠᠷᠤ ᠴᠡᠴᠡᠷᠯᠢᠭ︾᠎ ᠢ ᠪᠥᠲᠥᠭᠡᠨ ᠪᠠᠶᠢᠭᠤᠯᠤᠨ᠎ᠠ    【 ᠰᠤᠷᠪᠤᠯᠵᠢᠯᠠᠭᠴᠢ 】 ᠠᠨ ᠲᠣᠪᠴᠢᠶᠠᠨ ᠳᠠᠷᠤᠭ᠎ᠠ ᠡ᠂ ᠲᠠ ᠰᠠᠶᠢᠨ ᠤᠤ︖ ᠲᠠ ᠮᠠᠨ ᠤ ᠰᠢᠶᠠᠨ ᠤ ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠶᠢᠨ ᠲᠣᠭᠤᠷᠢᠨ ᠳᠤ᠂ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ 2023 ᠣᠨ ᠳᠤ ᠶᠠᠮᠠᠷ ᠶᠠᠮᠠᠷ ᠠᠵᠢᠯ ᠢ ᠥᠷᠨᠢᠭᠦᠯᠦᠭᠰᠡᠨ   ᠲᠤᠬᠠᠢ ᠶᠠᠷᠢᠭᠠᠳ ᠦᠭᠭᠦᠨ᠎ᠡ ᠤᠤ︖    【 ᠠᠨ ᠵᠢᠶᠠᠨ ᠪᠢᠨ 】2023 ᠣᠨ ᠳᠤ᠂ ᠰᠢᠩ ᠾᠧ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠰᠣᠶᠣᠯ ᠤᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠦᠷᠭᠦᠯᠵᠢᠯᠡᠨ ᠴᠢᠩᠭᠠᠳᠬᠠᠨ᠎ᠠ᠃ ᠨᠢᠭᠡ ᠳᠤ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ 280 ᠲᠠᠯᠠᠪᠤᠷ ᠥᠷᠨᠢᠭᠦᠯᠵᠦ᠂ ᠡᠭᠦᠨ ᠳᠤ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠤᠬᠠᠭᠤᠯᠭ᠎ᠠ ᠶᠢᠨ ᠲᠣᠭᠯᠠᠯᠲᠠ 101 ᠲᠠᠯᠠᠪᠠᠶ ᠪᠣᠶ︔ ᠰᠢ ᠬᠦᠷᠭᠡᠵᠦ ᠬᠥᠳᠡᠭᠡ ᠪᠠᠭᠤᠯᠭᠠᠬᠤ 54 ᠲᠠᠯᠠᠪᠠᠶ ᠪᠣᠶ︔ ᠴᠢᠬᠤᠯᠠ ᠶᠡᠭᠡ ᠪᠠᠶᠠᠷ ᠤᠨ ᠡᠳᠦᠷ ᠤᠨ ᠵᠠᠩᠭᠢᠯᠠᠭ᠎ᠠ ᠶᠢᠨ ᠴᠡᠭ ᠢ ᠠᠰᠢᠭᠯᠠᠨ᠂ ︽ᠴᠠᠭᠠᠨ ᠰᠠᠷ᠎ᠠ ᠶᠢᠨ ᠬᠤᠣᠰ ᠤᠶᠠᠩᠭ᠎ᠠ︾᠂ ︽ᠪᠦᠬᠦ ᠠᠷᠠᠳ ᠤᠨ ᠤᠩᠰᠢᠯᠭ᠎ᠠ︾᠂ ︽ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ︾᠂ ︽ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ︾ ᠵᠡᠷᠭᠡ ᠠᠵᠢᠯᠯᠠᠭ᠎ᠠ ᠶᠢ 30 ᠭᠠᠷᠤᠢ ᠤᠳᠠᠭ᠎ᠠ ᠥᠷᠨᠢᠭᠦᠯᠪᠡ︔ ᠡᠯ᠎ᠡ ᠰᠢᠶᠠᠩ ᠪᠠᠯᠭᠠᠰᠤᠨ ᠤ ᠰᠣᠶᠣᠯ ᠤᠨ ᠥᠷᠲᠡᠭᠡ ᠨᠦᠭᠦᠳ ᠰᠣᠶᠣᠯ ᠤᠨ ᠠᠵᠢᠯᠯᠠᠭ᠎ᠠ 93 ᠲᠠᠯᠠᠪᠤᠷ ᠥᠷᠨᠢᠭᠦᠯᠪᠡ᠃ ᠬᠤᠶᠠᠷ ᠲᠤ᠂ ᠰᠢᠶᠠᠨ ᠤ ᠨᠣᠮ ᠤᠨ ᠰᠠᠩ ᠨᠢ ᠤᠯᠤᠰ ᠤᠨ ᠭᠤᠷᠪᠠᠳᠤᠭᠠᠷ ᠳᠡᠰ ᠤᠨ ᠨᠣᠮ ᠤᠨ ᠰᠠᠩ ᠢᠶᠠᠷ ᠦᠨᠡᠯᠡᠭᠳᠡᠵᠦ᠂ ᠵᠠᠩ ᠭᠤᠤ ᠪᠠᠯᠭᠠᠰᠤᠨ ᠤ ᠰᠣᠶᠣᠯ ᠤᠨ ᠥᠷᠲᠡᠭᠡ ᠨᠢ ᠪᠥᠬᠦ ᠣᠷᠣᠨ ᠤ ᠠᠷᠪᠠᠨ ᠰᠢᠯᠢᠳᠡᠭ ᠰᠣᠶᠣᠯ ᠤᠨ ᠥᠷᠲᠡᠭᠡ ᠪᠠᠷ ᠦᠨᠡᠯᠡᠭᠳᠡᠪᠡ᠃ ᠭᠤᠷᠪᠠ ᠳᠤ᠂ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ᠂ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠠᠵᠢᠯ ᠢ ᠭᠦᠨᠵᠡᠭᠡᠶ ᠠᠬᠢᠭᠤᠯᠵᠤ᠂ ᠮᠠᠨ ᠤ ᠰᠢᠶᠠᠨ ᠤ ᠭᠤᠷᠪᠠᠳᠤᠭᠠᠷ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ 6 ᠨᠡᠷᠡᠰ ᠵᠢᠴᠢ ᠤᠯᠠᠮᠵᠢᠯᠠᠭᠴᠢ 6 ᠨᠡᠷᠡᠰ ᠶᠢ ᠦᠨᠡᠯᠡᠨ ᠲᠣᠭᠲᠠᠭᠠᠪᠠ︔ ᠰᠢᠶᠠᠨ ᠤ ᠱᠠᠲᠤᠨ ᠤ 3 ᠨᠡᠷᠡᠰ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢ ᠲᠠᠨᠢᠯᠴᠠᠭᠤᠯᠤᠨ ᠠᠷᠪᠠᠨ ᠨᠢᠭᠡᠳᠦᠭᠡᠷ ᠪᠦᠯᠦᠭ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ ᠶᠢ ᠭᠤᠶᠤᠴᠢᠯᠠᠨ ᠮᠡᠳᠡᠭᠦᠯᠪᠡ᠃ ᠲᠦᠷᠪᠡ ᠳᠤ᠂ ᠪᠦᠬᠦ ᠰᠢᠶᠠᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠬᠢ ᠪᠣᠯᠤᠨ ᠠᠩᠬᠠᠳᠤᠭᠠᠷ ᠬᠤᠭᠤᠴᠠᠭᠠᠨ ᠤ ᠤᠷᠠᠨ ᠪᠢᠴᠢᠯᠭᠡ ᠶᠢᠨ ᠪᠣᠯᠪᠠᠰᠤᠷᠠᠯ ᠤᠨ ᠠᠩᠬᠢ ᠶᠢ ᠡᠷᠬᠢᠯᠡᠪᠡ᠃ ᠲᠠᠪᠤ ᠳᠤ᠂ ᠬᠤᠶᠠᠷ ᠬᠥᠮᠦᠨ ᠲᠠᠢ ᠵᠢᠵᠢᠭ ᠵᠦᠴᠦᠭᠡ ︽ᠬᠥᠬᠡᠮᠳᠦᠭ ᠠᠭᠤᠯᠠ ᠶᠢ ᠬᠥᠰᠡᠷᠳᠡᠭᠦᠯᠬᠦ ᠦᠭᠡᠢ︾᠎ ᠨᠢ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠤᠯᠠᠭᠠᠨᠮᠥ᠋ᠴᠢᠷ ᠤᠨ ︽ᠰᠤᠷᠤᠯᠭ᠎ᠠ · ᠡᠭᠦᠳᠦᠯᠲᠡ · ᠲᠣᠭᠯᠠᠯᠲᠠ︾᠎ ᠶᠢᠨ ᠰᠢᠨ᠎ᠡ ᠡᠭᠦᠳᠦᠯᠲᠡ ᠶᠢᠨ ᠪᠦᠲᠦᠭᠡᠯ ᠪᠣᠯᠤᠭᠰᠠᠨ ᠤ ᠬᠤᠪᠢ ᠳᠤ ᠥᠪᠡᠷᠲᠡᠭᠡᠨ ᠵᠠᠰᠠᠬᠤ ᠣᠷᠣᠨ ᠳᠤ ᠲᠣᠭᠯᠠᠪᠠ︔ ᠤᠤᠭᠠᠯ ᠡᠭᠦᠳᠦᠯᠲᠡ ᠶᠢᠨ ︽ᠵᠣᠷᠢᠭ ᠰᠠᠨᠠᠭᠠᠨ ᠤ ᠵᠢᠯᠤᠭᠤᠳᠤᠯᠭ᠎ᠠ ᠡᠭᠦᠷᠢᠲᠡ ᠤᠷᠤᠭᠰᠢ ᠎ ᠪᠠᠨ︾ ᠠᠩᠬᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠳᠠᠭᠤᠷᠢ ᠶᠢᠨ ᠤᠷᠤᠯᠳᠤᠭᠠᠨ ᠤ ᠰᠢᠯᠢᠳᠡᠭ ᠱᠠᠩᠨᠠᠯ ᠢ ᠬᠦᠷᠲᠡᠪᠡ︔ ᠲᠣᠮᠣ ᠬᠡᠯᠪᠡᠷᠢ ᠶᠢᠨ ᠵᠦᠴᠦᠭᠡ ︽ᠰᠤᠮᠤᠨ ᠠᠭᠤᠯᠠ︾᠎ ᠨᠢ 2023 ᠣᠨ ᠤ ᠾᠧᠪᠸᠢ ᠥᠪᠥᠷ ᠮᠣᠩᠭᠤᠯ ᠱᠠᠨ ᠰᠢ ᠱᠠᠨᠰᠢ ᠲᠦᠷᠪᠡᠨ ᠮᠤᠵᠢ ᠣᠷᠣᠨ ᠤ ᠬᠤᠶᠠᠷ ᠬᠥᠮᠦᠨ ᠲᠠᠢ ᠤᠷᠠᠯᠢᠭ ᠤᠨ ᠭᠠᠷᠠᠭ ᠤᠨ ᠰᠢᠯᠢᠳᠡᠭ ᠵᠦᠴᠦᠭᠡ ᠶᠢᠨ ᠱᠠᠩᠨᠠᠯ ᠢ ᠬᠦᠷᠲᠡᠪᠡ︔ ᠡᠯ ᠷᠧᠨ ᠲᠠᠢ ᠵᠦᠴᠦᠭᠡ ︽ᠤᠯᠠᠭᠠᠨ ᠮᠣᠷᠢᠨ ᠳ᠋ᠧᠩ︾᠎ ᠨᠢ 2023 ᠣᠨ ᠤ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠭᠤᠣᠯ ᠰᠡᠳᠦᠪᠲᠦ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠲᠦᠷᠦᠯ ᠵᠦᠢᠯ ᠤᠨ ᠭᠠᠷᠴᠠᠭ ᠢ ᠰᠣᠩᠭᠤᠪᠠ︔ ᠤᠤᠭᠠᠯ ᠳᠠᠭᠤᠤ ︽ᠬᠥᠳᠡᠭᠡ ᠲᠣᠰᠬᠤᠨ ᠤ ᠬᠠᠭᠤᠴᠢᠨ ᠭᠡᠷ ᠪᠠᠶᠠᠨ ᠴᠢᠨᠡᠭᠡᠯᠢᠭ︾ ᠭᠡᠬᠦ ᠳᠠᠭᠤᠤ ᠨᠢ 2023 ᠣᠨ ᠤ ᠳᠤᠮᠳᠠᠳᠤ ᠤᠯᠤᠰ ᠤᠨ ᠲᠣᠰᠬᠤᠨ ᠤ ᠳᠠᠭᠤᠤ ᠶᠢᠨ ᠤᠷᠤᠯᠳᠤᠭᠠᠨ ᠤ ᠰᠢᠯᠢᠳᠡᠭ ᠪᠦᠲᠦᠭᠡᠯ ᠳᠤ ᠣᠷᠣᠪᠠ᠃    【 ᠰᠤᠷᠪᠤᠯᠵᠢᠯᠠᠭᠴᠢ 】 ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖    【 ᠠᠨ ᠵᠢᠶᠠᠨ ᠪᠢᠨ 】2023 ᠣᠨ ᠳᠤ᠂ ᠮᠠᠨ ᠤ ᠲᠣᠪᠴᠢᠶ᠎ᠠ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠨᠢᠭᠡ ᠳᠤ᠂ ᠰᠤᠮᠤᠨ ᠠᠭᠤᠯᠠ᠂ ᠴᠠᠷ ᠨᠠᠭᠤᠷ ᠤᠨ ᠦᠢᠯᠡᠴᠢᠯᠡᠭᠡᠨ ᠤ ᠴᠢᠳᠠᠮᠵᠢ ᠤᠯᠠᠮ ᠨᠢᠭᠡ ᠠᠯᠬᠤᠮ ᠳᠡᠭᠡᠭᠰᠢᠯᠡᠵᠦ᠂ ︽ᠪᠠᠶ ᠮᠧᠶ ᠲᠣᠰᠬᠤᠨ︾᠎ ᠤ ᠤᠰᠤᠲᠤᠯ ᠤᠨ ᠯᠢ ᠬᠠᠶ ᠲᠥᠷᠥᠯ ᠵᠦᠢᠯ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠬᠤᠶᠠᠷ ᠲᠤ᠂ ᠤᠯᠠᠭᠠᠨᠴᠠᠪ ᠤᠨ ︽ᠣᠶ ᠰᠢᠭᠤᠶ ᠶᠢᠨ ᠢᠷᠠᠭᠤ ᠡᠭᠡᠰᠢᠭ︾ ᠰᠤᠮᠤᠨ ᠠᠭᠤᠯᠠ ᠶᠢᠨ ᠳᠠᠭᠤᠤ ᠬᠥᠭᠵᠢᠮ ᠤᠨ ᠤᠯᠠᠷᠢᠯ ᠂ ᠶᠢᠰᠦ ᠶᠢᠰᠦ ᠶᠢᠨ ᠶᠢᠰᠦᠨ ᠰᠠᠷ᠎ᠠ ᠶᠢᠨ ᠶᠢᠰᠦᠨ ᠤ ᠠᠭᠤᠯᠠ ᠠᠪᠠᠷᠢᠬᠤ ᠤᠯᠠᠷᠢᠯ ᠤᠨ ᠠᠵᠢᠯᠯᠠᠭ᠎ᠠ ᠲᠥᠪ ᠲᠧᠯᠸᠢᠰ ᠳᠡᠭᠡᠷ᠎ᠡ ᠭᠠᠷᠴᠤ᠂ ᠰᠤᠮᠤᠨ ᠠᠭᠤᠯᠠ ᠶᠢᠨ ᠣᠶ ᠰᠢᠭᠤᠶ ᠶᠢᠨ ᠴᠡᠴᠡᠷᠯᠢᠭ ︽ᠥᠩᠭᠡ ᠢᠯᠭᠠᠷᠠᠭᠰᠠᠨ ᠠᠮᠠᠷᠠᠯᠲᠠ ᠶᠢᠨ ᠡᠳᠦᠷ᠂ ᠠᠮᠢᠵᠢᠷᠠᠯ ᠤᠨ ᠬᠦᠴᠦᠨ ᠲᠠᠢ ᠳᠤᠮᠳᠠᠳᠤ ᠤᠯᠤᠰ︾ ᠪᠤᠯᠤᠩ ᠳᠤ ᠢᠯᠡᠷᠡᠵᠦ᠂ ᠰᠢᠩ ᠾᠧ ᠰᠢᠶᠠᠨ ᠤ ᠵᠢᠭᠤᠯᠴᠢᠯᠠᠯ ᠤᠨ ᠠᠯᠳᠠᠷᠰᠢᠯ ᠪᠠ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃ ᠭᠤᠷᠪᠠ ᠳᠤ ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠰᠠᠶᠢᠵᠢᠷᠠᠵᠤ᠂ ᠵᠤᠭᠠᠴᠠᠭᠰᠠᠳ ᠢ 30 ᠲᠦᠮᠡᠨ ᠬᠥᠮᠦᠨ ᠤᠳᠠᠭ᠎ᠠ ᠬᠦᠯᠢᠶᠡᠨ ᠠᠪᠤᠪᠠ᠃ ᠳᠥᠷᠪᠡ ᠳᠤ ᠰᠤᠮᠤᠨ ᠠᠭᠤᠯᠠ ᠪᠥᠬᠦ ᠤᠯᠤᠰ ᠤᠨ ᠣᠳᠣᠨ ᠲᠠᠰ ᠤᠨ ᠠᠮᠢ ᠠᠬᠤᠶ ᠶᠢᠨ ᠡᠷᠡᠭᠦᠯᠵᠢᠯ ᠤᠨ ᠰᠠᠭᠤᠷᠢᠨ ᠭᠠᠵᠠᠷ ᠢᠶᠠᠷ ᠦᠨᠡᠯᠡᠭᠳᠡᠵᠦ᠂ ᠰᠤᠮᠤ ᠶᠢᠨ ᠨᠤᠲᠤᠭ ᠤᠨ ᠠᠷᠠᠳ ᠤᠨ ᠪᠠᠭᠤᠳᠠᠯ ᠪᠢᠩ ᠲᠠᠰ ᠤᠨ ᠠᠷᠠᠳ ᠤᠨ ᠪᠠᠭᠤᠳᠠᠯ  ᠢᠶᠠᠷ ᠰᠣᠩᠭᠤᠭᠳᠠᠵᠤ᠂ ᠳ᠋ᠢᠶᠠᠨ ᠽᠢ ᠪᠠᠯᠭᠠᠰᠤᠨ ᠤ ᠵᠦ ᠵᠢᠶᠠ ᠶᠢᠩ ᠲᠣᠰᠬᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠳᠤ ᠰᠣᠩᠭᠤᠭᠳᠠᠪᠠ᠃    【 ᠰᠤᠷᠪᠤᠯᠵᠢᠯᠠᠭᠴᠢ 】2024 ᠣᠨ ᠳᠤ᠂ ᠰᠣᠶᠣᠯ ᠵᠢᠭᠤᠯᠴᠢᠯᠠᠯ ᠤᠨ ᠲᠣᠪᠴᠢᠶ᠎ᠠ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖    【 ᠠᠨ ᠵᠢᠶᠠᠨ ᠪᠢᠨ 】2024 ᠣᠨ ᠳᠤ ᠮᠠᠨ ᠤ ᠲᠤᠪᠴᠢᠶ᠎ᠠ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠦᠨᠳᠦᠰᠦ ᠪᠣᠯᠭᠠᠵᠤ᠂ ᠨᠡᠶᠢᠰᠯᠡᠯ ᠤᠨ ︽ᠠᠷᠤ ᠴᠡᠴᠡᠷᠯᠢᠭ︾᠎ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠮᠠᠷᠠᠲᠤ ᠬᠢᠯᠢ ᠶᠢᠨ ᠰᠣᠶᠣᠯ︾᠎ ᠤᠨ ᠲᠦᠷᠦᠯ ᠲᠡᠮᠳᠡᠭ ᠢ ᠡᠭᠦᠳᠬᠦ ᠲᠣᠭᠤᠷᠢᠨ ᠳᠤ ᠡᠯ᠎ᠡ ᠵᠦᠢᠯ ᠤᠨ ᠡᠭᠦᠷᠭᠡ ᠴᠢᠳᠠᠪᠬᠢ ᠶᠢᠨ ᠠᠵᠢᠯ ᠢ ᠥᠷᠨᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃ ᠰᠣᠶᠣᠯ ᠢᠶᠠᠷ ᠵᠢᠭᠤᠯᠴᠢᠯᠠᠯ ᠢ ᠱᠤᠭᠤᠬᠤ ᠶᠢ ᠪᠠᠷᠢᠮᠲᠠᠯᠠᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠰᠠᠶᠢᠨ ᠲᠠᠯ᠎ᠠ ᠪᠠᠨ ᠪᠠᠳᠠᠷᠠᠭᠤᠯᠤᠨ ᠳᠤᠲᠠᠭᠤᠳᠠᠯ ᠢᠶᠠᠨ ᠨᠥᠬᠦᠪᠥᠷᠢᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃    ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠨᠢᠭᠡ ᠳᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠳᠠᠯᠠᠨ ᠬᠠᠷ᠎ᠠ᠂ ᠴᠠᠷ ᠨᠠᠭᠤᠷ᠂ ᠭᠤᠤ ᠮᠢᠶᠣᠣ ᠽᠢ  ᠭᠡᠷ ᠲᠡᠷᠭᠡᠨ ᠬᠤᠸᠠᠷᠠᠨ᠂ ᠴᠢ ᠵᠢᠶᠠ ᠶᠢᠩ ᠤᠰᠤᠨ ᠴᠥᠭᠦᠷᠥᠮ᠂ ᠲᠤᠭᠤᠷ ᠭᠤᠭᠤᠳ ᠬᠤᠸᠠᠷ ᠤᠨ ᠰᠢᠯᠢ ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠡᠷᠴᠢᠮ ᠢ ᠲᠦᠷᠭᠡᠳᠬᠡᠵᠦ᠂ 2024 ᠣᠨ ᠤ ᠰᠢᠩ ᠾᠧ ᠰᠢᠶᠠᠨ ᠤ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠢᠯᠡᠳᠲᠡ ᠠᠬᠢᠴᠠ ᠲᠠᠢ ᠪᠣᠯᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠪᠦᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠯᠤᠭ᠎ᠠ ᠵᠣᠯᠭᠠᠭᠤᠯᠤᠨ ᠨᠡᠪᠲᠡᠷᠡᠯᠴᠡᠬᠦ ᠶᠢ ᠴᠢᠩᠭᠠᠳᠬᠠᠵᠤ᠂ ᠶᠠᠨ ᠴᠢᠩ᠂ ᠱᠠᠩ ᠢ᠂ ᠲᠢᠶᠠᠨ ᠪᠠᠯᠭᠠᠰᠤ᠂ ᠶᠠᠩ ᠭᠤᠤ᠂ ᠳ᠋ᠠᠲ᠋ᠦ᠋ᠩ ᠵᠡᠷᠭᠡ ᠭᠠᠵᠠᠷ ᠯᠤᠭ᠎ᠠ ᠣᠷᠣᠨ ᠠᠯᠤᠰᠯᠠᠨ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠶ ᠥᠷᠨᠢᠭᠦᠯᠪᠡ︔ ᠳᠠᠯᠠᠨ ᠬᠠᠷ᠎ᠠ ᠠᠭᠤᠯᠠ ᠶᠢᠨ ᠣᠯᠠᠨ ᠤᠯᠤᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠪᠠ ᠴᠠᠷ ᠨᠠᠭᠤᠷ ᠤᠨ ᠵᠢᠭᠤᠯᠴᠢᠯᠠᠯ ᠤᠨ ᠣᠷᠣᠨ ᠲᠠᠢ ᠵᠣᠯᠭᠠᠭᠤᠯᠵᠤ ᠵᠢᠭᠤᠯᠴᠢᠯᠠᠯ ᠤᠨ ᠵᠠᠮ ᠱᠤᠭᠤᠮ ᠢ ᠰᠢᠯᠢᠳᠡᠭᠵᠢᠭᠦᠯᠦᠨ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠠᠶᠠᠨᠴᠢᠳ ᠤᠨ ᠢᠷᠡᠯᠳᠡ ᠶᠢ ᠬᠠᠷᠢᠯᠴᠠᠨ ᠬᠦᠷᠭᠡᠬᠦ ᠶᠢ ᠪᠡᠶᠡᠯᠡᠭᠦᠯᠵᠦ᠂ ᠣᠷᠣᠨ ᠪᠦᠰᠡ ᠠᠯᠤᠰᠯᠠᠭᠰᠠᠨ ᠲᠤᠮᠤ ᠦᠵᠡᠮᠵᠢ ᠶᠢᠨ ᠣᠷᠣᠨ ᠢ ᠪᠠᠶᠢᠭᠤᠯᠤᠨ᠎ᠠ᠃ ᠭᠤᠷᠪᠠ ᠳᠤ᠂ ︽+ ᠵᠢᠭᠤᠯᠴᠢᠯᠠᠯ︾ ᠪᠠ ︽ᠵᠢᠭᠤᠯᠴᠢᠯᠠᠯ +︾᠎ ᠢ ᠠᠬᠢᠭᠤᠯᠵᠤ᠂ ᠵᠢᠭᠤᠯᠴᠢᠯᠠᠯ ᠬᠢᠭᠡᠳ ᠰᠣᠶᠣᠯ᠂ ᠪᠡᠶ᠎ᠡ ᠶᠢᠨ ᠲᠠᠮᠢᠷ᠂ ᠲᠠᠷᠢᠶᠠᠯᠠᠩ᠂ ᠬᠤᠳᠠᠯᠳᠤᠭ᠎ᠠ ᠵᠡᠷᠭᠡ ᠬᠦᠷᠢᠶᠡᠨ ᠳᠠᠬᠢ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ᠂ ᠰᠣᠶᠣᠯ ᠬᠤᠳᠠᠯᠳᠤᠭ᠎ᠠ ᠵᠢᠭᠤᠯᠴᠢᠯᠠᠯ ᠵᠡᠷᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠵᠤ᠂ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ᠂ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠠᠭᠤᠷᠢᠨ ᠭᠠᠵᠠᠷ ᠪᠠ ᠰᠣᠳᠣᠨ ᠵᠢᠭᠤᠯᠴᠢᠯᠠᠯ ᠤᠨ ᠵᠠᠮ ᠱᠤᠭᠤᠮ ᠢ ᠴᠢᠷᠮᠠᠶᠢᠨ ᠪᠣᠶ ᠪᠣᠯᠭᠠᠨ᠎ᠠ︔ ︽ᠤᠷᠤᠯᠳᠤᠭᠠᠨ ᠢ ᠳᠠᠭᠠᠵᠤ ᠵᠢᠭᠤᠯᠴᠢᠯᠠᠬᠤ︾᠂ ︽ᠠᠮᠲᠠᠲᠤ ᠢᠳᠡᠭᠡᠨ ᠡᠷᠢᠵᠦ ᠵᠢᠭᠤᠯᠴᠢᠯᠠᠬᠤ︾ ᠨᠡᠷᠡᠲᠦ ᠲᠥᠷᠥᠯ ᠲᠡᠮᠳᠡᠭᠲᠦ ᠶᠢᠨ ᠲᠥᠷᠥᠯ ᠵᠦᠢᠯ ᠢ ᠪᠤᠢ ᠪᠣᠯᠭᠠᠨ᠎ᠠ᠃ ᠳᠥᠷᠪᠡ ᠳᠤ ᠳᠡᠭᠡᠳᠦ ᠲᠠᠰ ᠤᠨ ᠠᠷᠠᠳ ᠤᠨ ᠪᠠᠭᠤᠳᠠᠯ᠂ ᠬᠤᠳᠠᠯᠳᠤᠭᠠᠨ ᠤ ᠶᠠᠪᠤᠳᠠᠯ ᠤᠨ ᠪᠠᠭᠤᠳᠠᠯ ᠪᠠ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠵᠤ᠂ ᠮᠠᠨ ᠤ ᠰᠢᠶᠠᠨ ᠤ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢᠨ ᠵᠢᠯᠣᠭᠤᠳᠬᠤ ᠰᠠᠨᠠᠯ ᠵᠢᠴᠢ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ ᠱᠠᠩᠨᠠᠯ ᠤᠨ ᠠᠷᠭ᠎ᠠ ᠶᠢ ᠲᠣᠭᠲᠠᠭᠠᠵᠤ᠂ ᠲᠠᠷᠢᠶᠠᠴᠢᠳ ᠤᠨ ᠥᠪᠡᠰᠦᠪᠡᠨ ᠪᠠᠶᠢᠭᠤᠯᠵᠤ ᠬᠤᠨᠤᠭ ᠤᠨ ᠭᠠᠵᠠᠷ ᠪᠠᠶᠢᠭᠤᠯᠬᠤ ᠶᠢ ᠵᠣᠷᠢᠭᠵᠢᠭᠤᠯᠵᠤ᠂ ᠨᠢᠭᠡ ᠪᠦᠯᠦᠭ ᠵᠢᠭᠤᠯᠴᠢᠯᠠᠯ ᠤᠨ ᠵᠢᠵᠢᠭ ᠪᠠᠯᠭᠠᠰᠤ ᠪᠠ ᠬᠥᠳᠡᠭᠡ ᠲᠣᠰᠬᠤᠨ ᠤ ᠵᠢᠭᠤᠯᠴᠢᠯᠠᠯ ᠲᠥᠪᠯᠡᠷᠡᠭᠰᠡᠨ ᠣᠷᠣᠨ ᠢ ᠪᠠᠶᠢᠭᠤᠯᠵᠤ᠂ ᠪᠥᠬᠦ ᠤᠯᠤᠰ ᠤᠨ ᠬᠥᠬᠡ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠴᠢᠷᠮᠠᠶᠢᠨ ᠪᠠᠶᠢᠭᠤᠯᠤᠨ᠎ᠠ᠃ ᠲᠠᠪᠤ ᠳᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠪᠠ᠃ ᠵᠢᠷᠭᠤᠭ᠎ᠠ ᠳᠤ᠂ ᠵᠢᠭᠤᠯᠴᠢᠯᠠᠯ ᠤᠨ ᠠᠵᠤ ᠦᠢᠯᠡᠰ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠵᠢᠭᠤᠯᠴᠢᠯᠠᠯ ᠤᠨ ᠢᠯᠭᠠᠨ ᠲᠠᠨᠢᠬᠤ ᠬᠡᠮᠵᠢᠶ᠎ᠡ ᠶᠢ ᠳᠡᠭᠡᠭᠰᠢᠯᠡᠭᠦᠯᠦᠨ᠂ ᠨᠢᠭᠡ ᠪᠦᠯᠦᠭ ᠬᠥᠭᠵᠢᠯ ᠮᠠᠨᠳᠤᠭᠤᠯᠬᠤ ᠣᠨᠴᠠᠯᠢᠭ ᠲᠠᠢ ᠤᠷᠠᠯᠢᠭ ᠤᠨ ᠰᠣᠳᠣᠨ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠢ ᠭᠠᠷᠭᠠᠵᠤ᠂ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ︽ᠵᠢᠭᠤᠯᠴᠢᠯᠠᠯ ᠤᠨ ᠳᠥᠷᠪᠡᠨ ᠭᠠᠵᠠᠷ︾᠎ ᠢ ᠢᠳᠡᠪᠬᠢᠲᠡᠶ ᠡᠭᠦᠳᠴᠦ᠂ ︽ᠠᠮᠢ ᠠᠬᠤᠶ ᠪᠠᠷ ᠮᠠᠨᠳᠤᠭᠤᠯᠬᠤ · ᠺᠠᠩ ᠶᠠᠩ ᠦᠵᠡᠮᠵᠢᠲᠦ ᠣᠷᠣᠨ︾ ᠭᠡᠬᠦ ᠨᠠᠷᠠᠲᠤ ᠲᠡᠮᠳᠡᠭᠲᠦ ᠶᠢ ᠪᠣᠶ ᠪᠣᠯᠭᠠᠪᠠ᠃ ᠲᠤᠯᠤᠭ᠎ᠠ ᠳᠤ᠂ ᠤᠯᠠᠭᠠᠨᠴᠠᠪ ᠤᠨ ︽ᠰᠢᠩ ᠾᠧ︾ ᠪᠠ ᠰᠢᠷᠢᠰ ᠠᠵᠢᠯᠯᠠᠭ᠎ᠠ ᠶᠢ ᠥᠷᠨᠢᠭᠦᠯᠵᠦ᠂ ᠰᠢᠩ ᠾᠧ ᠰᠢᠶᠠᠨ ᠤ ᠨᠥᠯᠥᠭᠡᠯᠡᠬᠦ ᠬᠦᠴᠦᠨ ᠪᠠ ᠵᠢᠭᠤᠯᠴᠢᠯᠠᠯ ᠤᠨ ᠠᠯᠳᠠᠷᠰᠢᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃    【 ᠰᠤᠷᠪᠤᠯᠵᠢᠯᠠᠭᠴᠢ 】 ᠠᠨ ᠲᠤᠪᠴᠢᠶᠠᠨ ᠲᠠᠷᠤᠭ᠎ᠠ ᠪᠢᠳᠠᠨ ᠤ ᠦᠨᠦᠳᠦᠷ ᠤᠨ ᠠᠶᠢᠯᠴᠢᠯᠠᠯᠳᠠ ᠶᠢ ᠬᠦᠯᠢᠶᠡᠭᠰᠡᠨ ᠳᠤ ᠲᠠᠯᠠᠷᠬᠠᠵᠤ ᠪᠠᠶᠢᠨ᠎ᠠ᠂ ᠦᠨᠦᠳᠦᠷ ᠤᠨ ᠠᠶᠢᠯᠴᠢᠯᠠᠯᠳᠠ ᠠᠳᠡ ᠲᠠᠭᠤᠰᠤᠭᠠᠳ ᠤᠯᠠᠨ ᠰᠦᠯᠵᠢᠶᠡᠨ ᠠᠨᠳᠠ ᠨᠠᠷ ᠲᠠᠷᠠᠭ᠎ᠠ ᠤᠳᠠᠭ᠎ᠠ  ᠳᠠᠬᠢᠭᠠᠳ ᠠᠭᠤᠯᠵᠠᠶ᠎ᠠ︕                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3