| | | ᠴᠠᠭ | 2024-07-16 | ᠬᠦᠨᠳᠦᠲᠦ ᠵᠣᠴᠢᠨ | ᠰᠢᠩ ᠾᠧ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠠᠨ ᠵᠢᠶᠠᠨ ᠪᠢᠨ | ᠲᠣᠪᠴᠢᠯᠠᠯ | ᠰᠢᠩ ᠾᠧ ᠰᠢᠶᠠᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠨᠡᠶᠢᠰᠯᠡᠯ ᠤᠨ ︽ᠠᠷᠤ ᠴᠡᠴᠡᠷᠯᠢᠭ︾ ᠢ ᠪᠥᠲᠥᠭᠡᠨ ᠪᠠᠶᠢᠭᠤᠯᠤᠨ᠎ᠠ | 【 ᠰᠤᠷᠪᠤᠯᠵᠢᠯᠠᠭᠴᠢ 】 ᠠᠨ ᠲᠣᠪᠴᠢᠶᠠᠨ ᠳᠠᠷᠤᠭ᠎ᠠ ᠡ᠂ ᠲᠠ ᠰᠠᠶᠢᠨ ᠤᠤ︖ ᠲᠠ ᠮᠠᠨ ᠤ ᠰᠢᠶᠠᠨ ᠤ | ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠶᠢᠨ ᠲᠣᠭᠤᠷᠢᠨ ᠳᠤ᠂ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ | 2023 ᠣᠨ ᠳᠤ ᠶᠠᠮᠠᠷ ᠶᠠᠮᠠᠷ ᠠᠵᠢᠯ ᠢ ᠥᠷᠨᠢᠭᠦᠯᠦᠭᠰᠡᠨ ᠲᠤᠬᠠᠢ ᠶᠠᠷᠢᠭᠠᠳ ᠦᠭᠭᠦᠨ᠎ᠡ ᠤᠤ︖ | 【 ᠠᠨ ᠵᠢᠶᠠᠨ ᠪᠢᠨ 】2023 ᠣᠨ ᠳᠤ᠂ ᠰᠢᠩ ᠾᠧ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ | ᠰᠣᠶᠣᠯ ᠤᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠦᠷᠭᠦᠯᠵᠢᠯᠡᠨ ᠴᠢᠩᠭᠠᠳᠬᠠᠨ᠎ᠠ᠃ | ᠨᠢᠭᠡ ᠳᠤ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ 280 ᠲᠠᠯᠠᠪᠤᠷ ᠥᠷᠨᠢᠭᠦᠯᠵᠦ᠂ ᠡᠭᠦᠨ ᠳᠤ | ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠤᠬᠠᠭᠤᠯᠭ᠎ᠠ ᠶᠢᠨ ᠲᠣᠭᠯᠠᠯᠲᠠ 101 ᠲᠠᠯᠠᠪᠠᠶ ᠪᠣᠶ︔ ᠰᠢ | ᠬᠦᠷᠭᠡᠵᠦ ᠬᠥᠳᠡᠭᠡ ᠪᠠᠭᠤᠯᠭᠠᠬᠤ 54 ᠲᠠᠯᠠᠪᠠᠶ ᠪᠣᠶ︔ ᠴᠢᠬᠤᠯᠠ ᠶᠡᠭᠡ ᠪᠠᠶᠠᠷ ᠤᠨ ᠡᠳᠦᠷ ᠤᠨ ᠵᠠᠩᠭᠢᠯᠠᠭ᠎ᠠ ᠶᠢᠨ | ᠴᠡᠭ ᠢ ᠠᠰᠢᠭᠯᠠᠨ᠂ ︽ᠴᠠᠭᠠᠨ ᠰᠠᠷ᠎ᠠ ᠶᠢᠨ ᠬᠤᠣᠰ ᠤᠶᠠᠩᠭ᠎ᠠ︾᠂ ︽ᠪᠦᠬᠦ ᠠᠷᠠᠳ ᠤᠨ ᠤᠩᠰᠢᠯᠭ᠎ᠠ︾᠂ ︽ | ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ︾᠂ ︽ᠤᠷᠠᠨ ᠪᠢᠴᠢᠯᠭᠡ ᠤᠷᠠᠨ ᠵᠢᠷᠤᠭ ᠤᠨ | ᠦᠵᠡᠰᠬᠦᠯᠡᠩ︾ ᠵᠡᠷᠭᠡ ᠠᠵᠢᠯᠯᠠᠭ᠎ᠠ ᠶᠢ 30 ᠭᠠᠷᠤᠢ ᠤᠳᠠᠭ᠎ᠠ ᠥᠷᠨᠢᠭᠦᠯᠪᠡ︔ ᠡᠯ᠎ᠡ ᠰᠢᠶᠠᠩ ᠪᠠᠯᠭᠠᠰᠤᠨ ᠤ | ᠰᠣᠶᠣᠯ ᠤᠨ ᠥᠷᠲᠡᠭᠡ ᠨᠦᠭᠦᠳ ᠰᠣᠶᠣᠯ ᠤᠨ ᠠᠵᠢᠯᠯᠠᠭ᠎ᠠ 93 ᠲᠠᠯᠠᠪᠤᠷ ᠥᠷᠨᠢᠭᠦᠯᠪᠡ᠃ ᠬᠤᠶᠠᠷ ᠲᠤ᠂ ᠰᠢᠶᠠᠨ ᠤ | ᠨᠣᠮ ᠤᠨ ᠰᠠᠩ ᠨᠢ ᠤᠯᠤᠰ ᠤᠨ ᠭᠤᠷᠪᠠᠳᠤᠭᠠᠷ ᠳᠡᠰ ᠤᠨ ᠨᠣᠮ ᠤᠨ ᠰᠠᠩ ᠢᠶᠠᠷ ᠦᠨᠡᠯᠡᠭᠳᠡᠵᠦ᠂ ᠵᠠᠩ ᠭᠤᠤ | ᠪᠠᠯᠭᠠᠰᠤᠨ ᠤ ᠰᠣᠶᠣᠯ ᠤᠨ ᠥᠷᠲᠡᠭᠡ ᠨᠢ ᠪᠥᠬᠦ ᠣᠷᠣᠨ ᠤ ᠠᠷᠪᠠᠨ ᠰᠢᠯᠢᠳᠡᠭ ᠰᠣᠶᠣᠯ ᠤᠨ ᠥᠷᠲᠡᠭᠡ ᠪᠠᠷ | ᠦᠨᠡᠯᠡᠭᠳᠡᠪᠡ᠃ ᠭᠤᠷᠪᠠ ᠳᠤ᠂ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ᠂ ᠬᠠᠮᠠᠭᠠᠯᠠᠬᠤ ᠪᠠ | ᠤᠯᠠᠮᠵᠢᠯᠠᠨ ᠵᠠᠯᠭᠠᠮᠵᠢᠯᠠᠬᠤ ᠠᠵᠢᠯ ᠢ ᠭᠦᠨᠵᠡᠭᠡᠶ ᠠᠬᠢᠭᠤᠯᠵᠤ᠂ ᠮᠠᠨ ᠤ ᠰᠢᠶᠠᠨ ᠤ ᠭᠤᠷᠪᠠᠳᠤᠭᠠᠷ ᠪᠦᠯᠦᠭ ᠤᠨ | ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ 6 ᠨᠡᠷᠡᠰ ᠵᠢᠴᠢ ᠤᠯᠠᠮᠵᠢᠯᠠᠭᠴᠢ 6 ᠨᠡᠷᠡᠰ ᠶᠢ | ᠦᠨᠡᠯᠡᠨ ᠲᠣᠭᠲᠠᠭᠠᠪᠠ︔ ᠰᠢᠶᠠᠨ ᠤ ᠱᠠᠲᠤᠨ ᠤ 3 ᠨᠡᠷᠡᠰ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠤᠯᠠᠮᠵᠢᠯᠠᠭᠴᠢ ᠶᠢ ᠲᠠᠨᠢᠯᠴᠠᠭᠤᠯᠤᠨ ᠠᠷᠪᠠᠨ ᠨᠢᠭᠡᠳᠦᠭᠡᠷ ᠪᠦᠯᠦᠭ ᠬᠤᠲᠠ ᠶᠢᠨ ᠲᠠᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ ᠶᠢ ᠭᠤᠶᠤᠴᠢᠯᠠᠨ ᠮᠡᠳᠡᠭᠦᠯᠪᠡ᠃ | ᠲᠦᠷᠪᠡ ᠳᠤ᠂ ᠪᠦᠬᠦ ᠰᠢᠶᠠᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠬᠦ ᠪᠣᠯᠪᠠᠰᠤᠷᠠᠯ ᠤᠨ ᠠᠩᠬᠢ ᠪᠣᠯᠤᠨ ᠠᠩᠬᠠᠳᠤᠭᠠᠷ ᠬᠤᠭᠤᠴᠠᠭᠠᠨ ᠤ ᠤᠷᠠᠨ ᠪᠢᠴᠢᠯᠭᠡ ᠶᠢᠨ | ᠪᠣᠯᠪᠠᠰᠤᠷᠠᠯ ᠤᠨ ᠠᠩᠬᠢ ᠶᠢ ᠡᠷᠬᠢᠯᠡᠪᠡ᠃ ᠲᠠᠪᠤ ᠳᠤ᠂ ᠬᠤᠶᠠᠷ ᠬᠥᠮᠦᠨ ᠲᠠᠢ ᠵᠢᠵᠢᠭ ᠵᠦᠴᠦᠭᠡ ︽ᠬᠥᠬᠡᠮᠳᠦᠭ | ᠠᠭᠤᠯᠠ ᠶᠢ ᠬᠥᠰᠡᠷᠳᠡᠭᠦᠯᠬᠦ ᠦᠭᠡᠢ︾ ᠨᠢ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ · ᠥᠪᠥᠷ | ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠤᠯᠠᠭᠠᠨᠮᠥ᠋ᠴᠢᠷ ᠤᠨ ︽ᠰᠤᠷᠤᠯᠭ᠎ᠠ · ᠡᠭᠦᠳᠦᠯᠲᠡ · | ᠲᠣᠭᠯᠠᠯᠲᠠ︾ ᠶᠢᠨ ᠰᠢᠨ᠎ᠡ ᠡᠭᠦᠳᠦᠯᠲᠡ ᠶᠢᠨ ᠪᠦᠲᠦᠭᠡᠯ ᠪᠣᠯᠤᠭᠰᠠᠨ ᠤ ᠬᠤᠪᠢ ᠳᠤ ᠥᠪᠡᠷᠲᠡᠭᠡᠨ ᠵᠠᠰᠠᠬᠤ | ᠣᠷᠣᠨ ᠳᠤ ᠲᠣᠭᠯᠠᠪᠠ︔ ᠤᠤᠭᠠᠯ ᠡᠭᠦᠳᠦᠯᠲᠡ ᠶᠢᠨ ︽ᠵᠣᠷᠢᠭ ᠰᠠᠨᠠᠭᠠᠨ ᠤ ᠵᠢᠯᠤᠭᠤᠳᠤᠯᠭ᠎ᠠ ᠡᠭᠦᠷᠢᠲᠡ ᠤᠷᠤᠭᠰᠢ | ᠪᠠᠨ︾ ᠠᠩᠬᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠳᠠᠭᠤᠷᠢ ᠶᠢᠨ ᠤᠷᠤᠯᠳᠤᠭᠠᠨ ᠤ ᠰᠢᠯᠢᠳᠡᠭ | ᠱᠠᠩᠨᠠᠯ ᠢ ᠬᠦᠷᠲᠡᠪᠡ︔ ᠲᠣᠮᠣ ᠬᠡᠯᠪᠡᠷᠢ ᠶᠢᠨ ᠵᠦᠴᠦᠭᠡ ︽ᠰᠤᠮᠤᠨ ᠠᠭᠤᠯᠠ︾ ᠨᠢ 2023 ᠣᠨ ᠤ ᠾᠧᠪᠸᠢ | ᠥᠪᠥᠷ ᠮᠣᠩᠭᠤᠯ ᠱᠠᠨ ᠰᠢ ᠱᠠᠨᠰᠢ ᠲᠦᠷᠪᠡᠨ ᠮᠤᠵᠢ ᠣᠷᠣᠨ ᠤ ᠬᠤᠶᠠᠷ ᠬᠥᠮᠦᠨ ᠲᠠᠢ ᠤᠷᠠᠯᠢᠭ ᠤᠨ ᠭᠠᠷᠠᠭ ᠤᠨ | ᠰᠢᠯᠢᠳᠡᠭ ᠵᠦᠴᠦᠭᠡ ᠶᠢᠨ ᠱᠠᠩᠨᠠᠯ ᠢ ᠬᠦᠷᠲᠡᠪᠡ︔ ᠡᠯ ᠷᠧᠨ ᠲᠠᠢ ᠵᠦᠴᠦᠭᠡ ︽ᠤᠯᠠᠭᠠᠨ ᠮᠣᠷᠢᠨ ᠳ᠋ᠧᠩ︾ ᠨᠢ | 2023 ᠣᠨ ᠤ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠭᠤᠣᠯ ᠰᠡᠳᠦᠪᠲᠦ ᠤᠳᠬ᠎ᠠ ᠤᠷᠠᠯᠢᠭ ᠤᠨ | ᠵᠣᠬᠢᠶᠠᠨ ᠪᠦᠲᠦᠭᠡᠬᠦ ᠲᠦᠷᠦᠯ ᠵᠦᠢᠯ ᠤᠨ ᠭᠠᠷᠴᠠᠭ ᠢ ᠰᠣᠩᠭᠤᠪᠠ︔ ᠤᠤᠭᠠᠯ ᠳᠠᠭᠤᠤ ︽ᠬᠥᠳᠡᠭᠡ ᠲᠣᠰᠬᠤᠨ ᠤ | ᠬᠠᠭᠤᠴᠢᠨ ᠭᠡᠷ ᠪᠠᠶᠠᠨ ᠴᠢᠨᠡᠭᠡᠯᠢᠭ︾ ᠭᠡᠬᠦ ᠳᠠᠭᠤᠤ ᠨᠢ 2023 ᠣᠨ ᠤ ᠳᠤᠮᠳᠠᠳᠤ ᠤᠯᠤᠰ ᠤᠨ ᠲᠣᠰᠬᠤᠨ ᠤ | ᠳᠠᠭᠤᠤ ᠶᠢᠨ ᠤᠷᠤᠯᠳᠤᠭᠠᠨ ᠤ ᠰᠢᠯᠢᠳᠡᠭ ᠪᠦᠲᠦᠭᠡᠯ ᠳᠤ ᠣᠷᠣᠪᠠ᠃ | 【 ᠰᠤᠷᠪᠤᠯᠵᠢᠯᠠᠭᠴᠢ 】 ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠶᠠᠮᠠᠷ ᠶᠠᠮᠠᠷ | ᠦᠷ᠎ᠡ ᠪᠦᠲᠦᠮᠵᠢ ᠣᠯᠤᠭᠰᠠᠨ ᠪᠣᠶ︖ | 【 ᠠᠨ ᠵᠢᠶᠠᠨ ᠪᠢᠨ 】2023 ᠣᠨ ᠳᠤ᠂ ᠮᠠᠨ ᠤ ᠲᠣᠪᠴᠢᠶ᠎ᠠ ᠵᠢᠭᠤᠯᠴᠢᠯᠠᠯ ᠤᠨ ᠠᠵᠤ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠨᠢᠭᠡ ᠳᠤ᠂ ᠰᠤᠮᠤᠨ ᠠᠭᠤᠯᠠ᠂ ᠴᠠᠷ | ᠨᠠᠭᠤᠷ ᠤᠨ ᠦᠢᠯᠡᠴᠢᠯᠡᠭᠡᠨ ᠤ ᠴᠢᠳᠠᠮᠵᠢ ᠤᠯᠠᠮ ᠨᠢᠭᠡ ᠠᠯᠬᠤᠮ ᠳᠡᠭᠡᠭᠰᠢᠯᠡᠵᠦ᠂ ︽ᠪᠠᠶ ᠮᠧᠶ ᠲᠣᠰᠬᠤᠨ︾ ᠤ | ᠤᠰᠤᠲᠤᠯ ᠤᠨ ᠯᠢ ᠬᠠᠶ ᠲᠥᠷᠥᠯ ᠵᠦᠢᠯ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠬᠤᠶᠠᠷ ᠲᠤ᠂ | ᠤᠯᠠᠭᠠᠨᠴᠠᠪ ᠤᠨ ︽ᠣᠶ ᠰᠢᠭᠤᠶ ᠶᠢᠨ ᠢᠷᠠᠭᠤ ᠡᠭᠡᠰᠢᠭ︾ ᠰᠤᠮᠤᠨ ᠠᠭᠤᠯᠠ ᠶᠢᠨ ᠳᠠᠭᠤᠤ ᠬᠥᠭᠵᠢᠮ ᠤᠨ ᠤᠯᠠᠷᠢᠯ | ᠂ ᠶᠢᠰᠦ ᠶᠢᠰᠦ ᠶᠢᠨ ᠶᠢᠰᠦᠨ ᠰᠠᠷ᠎ᠠ ᠶᠢᠨ ᠶᠢᠰᠦᠨ ᠤ ᠠᠭᠤᠯᠠ ᠠᠪᠠᠷᠢᠬᠤ ᠤᠯᠠᠷᠢᠯ ᠤᠨ ᠠᠵᠢᠯᠯᠠᠭ᠎ᠠ ᠲᠥᠪ ᠲᠧᠯᠸᠢᠰ | ᠳᠡᠭᠡᠷ᠎ᠡ ᠭᠠᠷᠴᠤ᠂ ᠰᠤᠮᠤᠨ ᠠᠭᠤᠯᠠ ᠶᠢᠨ ᠣᠶ ᠰᠢᠭᠤᠶ ᠶᠢᠨ ᠴᠡᠴᠡᠷᠯᠢᠭ ︽ᠥᠩᠭᠡ ᠢᠯᠭᠠᠷᠠᠭᠰᠠᠨ ᠠᠮᠠᠷᠠᠯᠲᠠ ᠶᠢᠨ | ᠡᠳᠦᠷ᠂ ᠠᠮᠢᠵᠢᠷᠠᠯ ᠤᠨ ᠬᠦᠴᠦᠨ ᠲᠠᠢ ᠳᠤᠮᠳᠠᠳᠤ ᠤᠯᠤᠰ︾ ᠪᠤᠯᠤᠩ ᠳᠤ ᠢᠯᠡᠷᠡᠵᠦ᠂ ᠰᠢᠩ ᠾᠧ ᠰᠢᠶᠠᠨ ᠤ | ᠵᠢᠭᠤᠯᠴᠢᠯᠠᠯ ᠤᠨ ᠠᠯᠳᠠᠷᠰᠢᠯ ᠪᠠ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃ ᠭᠤᠷᠪᠠ ᠳᠤ | ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠰᠠᠶᠢᠵᠢᠷᠠᠵᠤ᠂ ᠵᠤᠭᠠᠴᠠᠭᠰᠠᠳ ᠢ 30 ᠲᠦᠮᠡᠨ | ᠬᠥᠮᠦᠨ ᠤᠳᠠᠭ᠎ᠠ ᠬᠦᠯᠢᠶᠡᠨ ᠠᠪᠤᠪᠠ᠃ ᠳᠥᠷᠪᠡ ᠳᠤ ᠰᠤᠮᠤᠨ ᠠᠭᠤᠯᠠ ᠪᠥᠬᠦ ᠤᠯᠤᠰ ᠤᠨ ᠣᠳᠣᠨ ᠲᠠᠰ ᠤᠨ ᠠᠮᠢ | ᠠᠬᠤᠶ ᠶᠢᠨ ᠡᠷᠡᠭᠦᠯᠵᠢᠯ ᠤᠨ ᠰᠠᠭᠤᠷᠢᠨ ᠭᠠᠵᠠᠷ ᠢᠶᠠᠷ ᠦᠨᠡᠯᠡᠭᠳᠡᠵᠦ᠂ ᠰᠤᠮᠤ ᠶᠢᠨ ᠨᠤᠲᠤᠭ ᠤᠨ ᠠᠷᠠᠳ ᠤᠨ | ᠪᠠᠭᠤᠳᠠᠯ ᠪᠢᠩ ᠲᠠᠰ ᠤᠨ ᠠᠷᠠᠳ ᠤᠨ ᠪᠠᠭᠤᠳᠠᠯ ᠢᠶᠠᠷ ᠰᠣᠩᠭᠤᠭᠳᠠᠵᠤ᠂ ᠳ᠋ᠢᠶᠠᠨ ᠽᠢ ᠪᠠᠯᠭᠠᠰᠤᠨ ᠤ ᠵᠦ ᠵᠢᠶᠠ | ᠶᠢᠩ ᠲᠣᠰᠬᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ | ᠲᠣᠰᠬᠤᠨ ᠳᠤ ᠰᠣᠩᠭᠤᠭᠳᠠᠪᠠ᠃ | 【 ᠰᠤᠷᠪᠤᠯᠵᠢᠯᠠᠭᠴᠢ 】2024 ᠣᠨ ᠳᠤ᠂ ᠰᠣᠶᠣᠯ ᠵᠢᠭᠤᠯᠴᠢᠯᠠᠯ ᠤᠨ ᠲᠣᠪᠴᠢᠶ᠎ᠠ ᠰᠣᠶᠣᠯ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ | ᠪᠤᠢ︖ | 【 ᠠᠨ ᠵᠢᠶᠠᠨ ᠪᠢᠨ 】2024 ᠣᠨ ᠳᠤ ᠮᠠᠨ ᠤ ᠲᠤᠪᠴᠢᠶ᠎ᠠ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠠᠷ ᠦᠨᠳᠦᠰᠦ ᠪᠣᠯᠭᠠᠵᠤ᠂ ᠨᠡᠶᠢᠰᠯᠡᠯ ᠤᠨ ︽ᠠᠷᠤ ᠴᠡᠴᠡᠷᠯᠢᠭ︾ ᠢ ᠪᠠᠶᠢᠭᠤᠯᠬᠤ ᠪᠠᠷ | ᠬᠠᠷᠠᠯᠲᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ | ᠲᠣᠭᠤᠷᠢᠨ ᠳᠤ ᠡᠯ᠎ᠡ ᠵᠦᠢᠯ ᠤᠨ ᠡᠭᠦᠷᠭᠡ ᠴᠢᠳᠠᠪᠬᠢ ᠶᠢᠨ ᠠᠵᠢᠯ ᠢ ᠥᠷᠨᠢᠭᠦᠯᠵᠦ᠂ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃ ᠰᠣᠶᠣᠯ ᠢᠶᠠᠷ ᠵᠢᠭᠤᠯᠴᠢᠯᠠᠯ ᠢ ᠱᠤᠭᠤᠬᠤ ᠶᠢ | ᠪᠠᠷᠢᠮᠲᠠᠯᠠᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠰᠠᠶᠢᠨ ᠲᠠᠯ᠎ᠠ ᠪᠠᠨ ᠪᠠᠳᠠᠷᠠᠭᠤᠯᠤᠨ ᠳᠤᠲᠠᠭᠤᠳᠠᠯ ᠢᠶᠠᠨ | ᠨᠥᠬᠦᠪᠥᠷᠢᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ | ᠲᠠᠰᠤᠷᠠᠯᠲᠠ ᠦᠭᠡᠢ ᠪᠠᠶᠠᠯᠢᠭᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠨᠢᠭᠡ ᠳᠤ᠂ | ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠳᠠᠯᠠᠨ ᠬᠠᠷ᠎ᠠ᠂ ᠴᠠᠷ ᠨᠠᠭᠤᠷ᠂ ᠭᠤᠤ ᠮᠢᠶᠣᠣ | ᠽᠢ ᠭᠡᠷ ᠲᠡᠷᠭᠡᠨ ᠬᠤᠸᠠᠷᠠᠨ᠂ ᠴᠢ ᠵᠢᠶᠠ ᠶᠢᠩ ᠤᠰᠤᠨ ᠴᠥᠭᠦᠷᠥᠮ᠂ ᠲᠤᠭᠤᠷ ᠭᠤᠭᠤᠳ ᠬᠤᠸᠠᠷ ᠤᠨ ᠰᠢᠯᠢ | ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠡᠷᠴᠢᠮ ᠢ ᠲᠦᠷᠭᠡᠳᠬᠡᠵᠦ᠂ 2024 ᠣᠨ ᠤ | ᠰᠢᠩ ᠾᠧ ᠰᠢᠶᠠᠨ ᠤ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠢᠯᠡᠳᠲᠡ | ᠠᠬᠢᠴᠠ ᠲᠠᠢ ᠪᠣᠯᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠪᠦᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ | ᠰᠠᠭᠤᠷᠢ ᠮᠥᠩᠭᠦᠨ ᠤ ᠬᠡᠷᠡᠭ ᠡᠷᠬᠢᠯᠡᠭᠴᠢᠳ ᠤᠨ ᠬᠤᠷᠠᠯ ᠯᠤᠭ᠎ᠠ ᠵᠣᠯᠭᠠᠭᠤᠯᠤᠨ ᠨᠡᠪᠲᠡᠷᠡᠯᠴᠡᠬᠦ ᠶᠢ ᠴᠢᠩᠭᠠᠳᠬᠠᠵᠤ᠂ | ᠶᠠᠨ ᠴᠢᠩ᠂ ᠱᠠᠩ ᠢ᠂ ᠲᠢᠶᠠᠨ ᠪᠠᠯᠭᠠᠰᠤ᠂ ᠶᠠᠩ ᠭᠤᠤ᠂ ᠳ᠋ᠠᠲ᠋ᠦ᠋ᠩ ᠵᠡᠷᠭᠡ ᠭᠠᠵᠠᠷ ᠯᠤᠭ᠎ᠠ ᠣᠷᠣᠨ ᠠᠯᠤᠰᠯᠠᠨ | ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠶ ᠥᠷᠨᠢᠭᠦᠯᠪᠡ︔ ᠳᠠᠯᠠᠨ ᠬᠠᠷ᠎ᠠ ᠠᠭᠤᠯᠠ ᠶᠢᠨ ᠣᠯᠠᠨ ᠤᠯᠤᠰ ᠤᠨ | ᠵᠢᠭᠤᠯᠴᠢᠯᠠᠯ ᠤᠨ ᠠᠮᠠᠷᠠᠯᠲᠠ ᠶᠢᠨ ᠣᠷᠣᠨ ᠪᠠ ᠴᠠᠷ ᠨᠠᠭᠤᠷ ᠤᠨ ᠵᠢᠭᠤᠯᠴᠢᠯᠠᠯ ᠤᠨ ᠣᠷᠣᠨ ᠲᠠᠢ ᠵᠣᠯᠭᠠᠭᠤᠯᠵᠤ | ᠵᠢᠭᠤᠯᠴᠢᠯᠠᠯ ᠤᠨ ᠵᠠᠮ ᠱᠤᠭᠤᠮ ᠢ ᠰᠢᠯᠢᠳᠡᠭᠵᠢᠭᠦᠯᠦᠨ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ | ᠠᠶᠠᠨᠴᠢᠳ ᠤᠨ ᠢᠷᠡᠯᠳᠡ ᠶᠢ ᠬᠠᠷᠢᠯᠴᠠᠨ ᠬᠦᠷᠭᠡᠬᠦ ᠶᠢ ᠪᠡᠶᠡᠯᠡᠭᠦᠯᠵᠦ᠂ ᠣᠷᠣᠨ ᠪᠦᠰᠡ ᠠᠯᠤᠰᠯᠠᠭᠰᠠᠨ ᠲᠤᠮᠤ | ᠦᠵᠡᠮᠵᠢ ᠶᠢᠨ ᠣᠷᠣᠨ ᠢ ᠪᠠᠶᠢᠭᠤᠯᠤᠨ᠎ᠠ᠃ ᠭᠤᠷᠪᠠ ᠳᠤ᠂ ︽+ ᠵᠢᠭᠤᠯᠴᠢᠯᠠᠯ︾ ᠪᠠ ︽ᠵᠢᠭᠤᠯᠴᠢᠯᠠᠯ +︾ ᠢ | ᠠᠬᠢᠭᠤᠯᠵᠤ᠂ ᠵᠢᠭᠤᠯᠴᠢᠯᠠᠯ ᠬᠢᠭᠡᠳ ᠰᠣᠶᠣᠯ᠂ ᠪᠡᠶ᠎ᠡ ᠶᠢᠨ ᠲᠠᠮᠢᠷ᠂ ᠲᠠᠷᠢᠶᠠᠯᠠᠩ᠂ ᠬᠤᠳᠠᠯᠳᠤᠭ᠎ᠠ ᠵᠡᠷᠭᠡ | ᠬᠦᠷᠢᠶᠡᠨ ᠳᠠᠬᠢ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ᠂ | ᠰᠣᠶᠣᠯ ᠬᠤᠳᠠᠯᠳᠤᠭ᠎ᠠ ᠵᠢᠭᠤᠯᠴᠢᠯᠠᠯ ᠵᠡᠷᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠵᠤ᠂ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ᠂ ᠰᠤᠳᠤᠯᠤᠨ | ᠰᠤᠷᠤᠯᠴᠠᠬᠤ ᠦᠢᠯᠡᠳᠦᠯᠭᠡ ᠶᠢᠨ ᠰᠠᠭᠤᠷᠢᠨ ᠭᠠᠵᠠᠷ ᠪᠠ ᠰᠣᠳᠣᠨ ᠵᠢᠭᠤᠯᠴᠢᠯᠠᠯ ᠤᠨ ᠵᠠᠮ ᠱᠤᠭᠤᠮ ᠢ ᠴᠢᠷᠮᠠᠶᠢᠨ ᠪᠣᠶ | ᠪᠣᠯᠭᠠᠨ᠎ᠠ︔ ︽ᠤᠷᠤᠯᠳᠤᠭᠠᠨ ᠢ ᠳᠠᠭᠠᠵᠤ ᠵᠢᠭᠤᠯᠴᠢᠯᠠᠬᠤ︾᠂ ︽ᠠᠮᠲᠠᠲᠤ ᠢᠳᠡᠭᠡᠨ ᠡᠷᠢᠵᠦ ᠵᠢᠭᠤᠯᠴᠢᠯᠠᠬᠤ︾ | ᠨᠡᠷᠡᠲᠦ ᠲᠥᠷᠥᠯ ᠲᠡᠮᠳᠡᠭᠲᠦ ᠶᠢᠨ ᠲᠥᠷᠥᠯ ᠵᠦᠢᠯ ᠢ ᠪᠤᠢ ᠪᠣᠯᠭᠠᠨ᠎ᠠ᠃ ᠳᠥᠷᠪᠡ ᠳᠤ ᠳᠡᠭᠡᠳᠦ ᠲᠠᠰ ᠤᠨ ᠠᠷᠠᠳ ᠤᠨ | ᠪᠠᠭᠤᠳᠠᠯ᠂ ᠬᠤᠳᠠᠯᠳᠤᠭᠠᠨ ᠤ ᠶᠠᠪᠤᠳᠠᠯ ᠤᠨ ᠪᠠᠭᠤᠳᠠᠯ ᠪᠠ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ ᠤᠨ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠵᠤ᠂ ᠮᠠᠨ ᠤ ᠰᠢᠶᠠᠨ ᠤ ᠠᠷᠠᠳ ᠤᠨ | ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢᠨ ᠵᠢᠯᠣᠭᠤᠳᠬᠤ ᠰᠠᠨᠠᠯ ᠵᠢᠴᠢ ᠠᠷᠠᠳ ᠤᠨ ᠣᠷᠣᠨ | ᠰᠠᠭᠤᠴᠠ ᠶᠢᠨ ᠬᠥᠭᠵᠢᠯᠲᠡ ᠶᠢᠨ ᠱᠠᠩᠨᠠᠯ ᠤᠨ ᠠᠷᠭ᠎ᠠ ᠶᠢ ᠲᠣᠭᠲᠠᠭᠠᠵᠤ᠂ ᠲᠠᠷᠢᠶᠠᠴᠢᠳ ᠤᠨ ᠥᠪᠡᠰᠦᠪᠡᠨ | ᠪᠠᠶᠢᠭᠤᠯᠵᠤ ᠬᠤᠨᠤᠭ ᠤᠨ ᠭᠠᠵᠠᠷ ᠪᠠᠶᠢᠭᠤᠯᠬᠤ ᠶᠢ ᠵᠣᠷᠢᠭᠵᠢᠭᠤᠯᠵᠤ᠂ ᠨᠢᠭᠡ ᠪᠦᠯᠦᠭ ᠵᠢᠭᠤᠯᠴᠢᠯᠠᠯ ᠤᠨ ᠵᠢᠵᠢᠭ | ᠪᠠᠯᠭᠠᠰᠤ ᠪᠠ ᠬᠥᠳᠡᠭᠡ ᠲᠣᠰᠬᠤᠨ ᠤ ᠵᠢᠭᠤᠯᠴᠢᠯᠠᠯ ᠲᠥᠪᠯᠡᠷᠡᠭᠰᠡᠨ ᠣᠷᠣᠨ ᠢ ᠪᠠᠶᠢᠭᠤᠯᠵᠤ᠂ ᠪᠥᠬᠦ ᠤᠯᠤᠰ ᠤᠨ | ᠬᠥᠬᠡ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠴᠢᠷᠮᠠᠶᠢᠨ ᠪᠠᠶᠢᠭᠤᠯᠤᠨ᠎ᠠ᠃ ᠲᠠᠪᠤ ᠳᠤ᠂ | ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ | ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠪᠠ᠃ ᠵᠢᠷᠭᠤᠭ᠎ᠠ ᠳᠤ᠂ ᠵᠢᠭᠤᠯᠴᠢᠯᠠᠯ ᠤᠨ ᠠᠵᠤ ᠦᠢᠯᠡᠰ ᠤᠨ | ᠬᠠᠩᠭᠠᠯᠭ᠎ᠠ ᠶᠢ ᠪᠠᠶᠠᠯᠢᠭᠵᠢᠭᠤᠯᠵᠤ᠂ ᠵᠢᠭᠤᠯᠴᠢᠯᠠᠯ ᠤᠨ ᠢᠯᠭᠠᠨ ᠲᠠᠨᠢᠬᠤ ᠬᠡᠮᠵᠢᠶ᠎ᠡ ᠶᠢ ᠳᠡᠭᠡᠭᠰᠢᠯᠡᠭᠦᠯᠦᠨ᠂ ᠨᠢᠭᠡ | ᠪᠦᠯᠦᠭ ᠬᠥᠭᠵᠢᠯ ᠮᠠᠨᠳᠤᠭᠤᠯᠬᠤ ᠣᠨᠴᠠᠯᠢᠭ ᠲᠠᠢ ᠤᠷᠠᠯᠢᠭ ᠤᠨ ᠰᠣᠳᠣᠨ ᠪᠠ ᠵᠢᠭᠤᠯᠴᠢᠯᠠᠯ ᠤᠨ ᠦᠵᠡᠮᠵᠢ ᠶᠢᠨ | ᠣᠷᠣᠨ ᠢ ᠭᠠᠷᠭᠠᠵᠤ᠂ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ︽ᠵᠢᠭᠤᠯᠴᠢᠯᠠᠯ ᠤᠨ | ᠳᠥᠷᠪᠡᠨ ᠭᠠᠵᠠᠷ︾ ᠢ ᠢᠳᠡᠪᠬᠢᠲᠡᠶ ᠡᠭᠦᠳᠴᠦ᠂ ︽ᠠᠮᠢ ᠠᠬᠤᠶ ᠪᠠᠷ ᠮᠠᠨᠳᠤᠭᠤᠯᠬᠤ · ᠺᠠᠩ ᠶᠠᠩ ᠦᠵᠡᠮᠵᠢᠲᠦ | ᠣᠷᠣᠨ︾ ᠭᠡᠬᠦ ᠨᠠᠷᠠᠲᠤ ᠲᠡᠮᠳᠡᠭᠲᠦ ᠶᠢ ᠪᠣᠶ ᠪᠣᠯᠭᠠᠪᠠ᠃ ᠲᠤᠯᠤᠭ᠎ᠠ ᠳᠤ᠂ ᠤᠯᠠᠭᠠᠨᠴᠠᠪ ᠤᠨ ︽ᠰᠢᠩ ᠾᠧ︾ ᠪᠠ | ᠰᠢᠷᠢᠰ ᠠᠵᠢᠯᠯᠠᠭ᠎ᠠ ᠶᠢ ᠥᠷᠨᠢᠭᠦᠯᠵᠦ᠂ ᠰᠢᠩ ᠾᠧ ᠰᠢᠶᠠᠨ ᠤ ᠨᠥᠯᠥᠭᠡᠯᠡᠬᠦ ᠬᠦᠴᠦᠨ ᠪᠠ ᠵᠢᠭᠤᠯᠴᠢᠯᠠᠯ ᠤᠨ | ᠠᠯᠳᠠᠷᠰᠢᠯ ᠢ ᠦᠷᠭᠦᠯᠵᠢᠯᠡᠨ ᠳᠡᠭᠡᠭᠰᠢᠯᠡᠭᠦᠯᠦᠨ᠎ᠡ᠃ | 【 ᠰᠤᠷᠪᠤᠯᠵᠢᠯᠠᠭᠴᠢ 】 ᠠᠨ ᠲᠤᠪᠴᠢᠶᠠᠨ ᠲᠠᠷᠤᠭ᠎ᠠ ᠪᠢᠳᠠᠨ ᠤ ᠦᠨᠦᠳᠦᠷ ᠤᠨ ᠠᠶᠢᠯᠴᠢᠯᠠᠯᠳᠠ ᠶᠢ | ᠬᠦᠯᠢᠶᠡᠭᠰᠡᠨ ᠳᠤ ᠲᠠᠯᠠᠷᠬᠠᠵᠤ ᠪᠠᠶᠢᠨ᠎ᠠ᠂ ᠦᠨᠦᠳᠦᠷ ᠤᠨ ᠠᠶᠢᠯᠴᠢᠯᠠᠯᠳᠠ ᠠᠳᠡ ᠲᠠᠭᠤᠰᠤᠭᠠᠳ ᠤᠯᠠᠨ ᠰᠦᠯᠵᠢᠶᠡᠨ | ᠠᠨᠳᠠ ᠨᠠᠷ ᠲᠠᠷᠠᠭ᠎ᠠ ᠤᠳᠠᠭ᠎ᠠ ᠳᠠᠬᠢᠭᠠᠳ ᠠᠭᠤᠯᠵᠠᠶ᠎ᠠ︕ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠨᠠᠷᠠᠰᠤ |