7 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠯᠢ ᠺᠠᠶ ᠳ᠋ᠦᠩ ᠰᠢᠩ ᠾᠧ ᠰᠢᠶᠠᠨ ᠤ ᠬᠠᠤᠯᠢᠵᠢᠯ ᠤᠨ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ | ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠤ ᠳᠡᠭᠡᠷ᠎ᠡ ᠬᠠᠭᠠᠰ | ᠵᠢᠯ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ᠂ ᠬᠡᠰᠡᠭ ᠰᠢᠶᠠᠩ ᠪᠠᠯᠭᠠᠰᠤ ᠪᠣᠯᠤᠨ ᠰᠢᠶᠠᠨ ᠤ ᠰᠢᠭᠤᠳ ᠬᠠᠷᠢᠶ᠎ᠠ ᠨᠢᠭᠡᠴᠡ ᠶᠢᠨ ᠳᠡᠭᠡᠷ᠎ᠡ ᠬᠠᠭᠠᠰ | ᠵᠢᠯ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ︔ ︽ᠰᠢᠩ ᠾᠧ ᠰᠢᠶᠠᠨ ᠤ 2024 ᠣᠨ ᠤ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠬᠢᠨᠠᠨ ᠵᠥᠪᠯᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠬᠠᠤᠯᠢ ᠪᠠᠷ ᠵᠠᠰᠠᠬᠤ ᠰᠤᠷᠤᠯᠴᠠᠯᠭ᠎ᠠ ᠶᠢ ᠴᠢᠩᠭᠠᠳᠬᠠᠵᠤ᠂ | ᠬᠠᠤᠯᠢ ᠪᠠᠷ ᠵᠠᠰᠠᠬᠤ ᠰᠡᠳᠬᠢᠬᠦᠶ ᠪᠠᠨ ᠴᠢᠩᠭᠠᠳᠬᠠᠵᠤ᠂ ᠺᠠᠳ᠋ᠷᠴᠤᠳ ᠤᠨ ᠬᠠᠤᠯᠢ ᠪᠠᠷ ᠵᠠᠰᠠᠬᠤ ᠤᠬᠠᠮᠰᠠᠷ ᠢ ᠦᠨᠡᠨ | ᠬᠦ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠵᠥᠷᠢᠴᠡᠯ ᠢ | ᠠᠷᠢᠯᠭᠠᠬᠤ᠂ ᠬᠥᠭᠵᠢᠯᠲᠡ ᠶᠢ ᠠᠬᠢᠭᠤᠯᠬᠤ᠂ ᠥᠭᠡᠷᠡᠴᠢᠯᠡᠯᠲᠡ ᠶᠢ ᠠᠬᠢᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ | ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ | ᠨᠥᠬᠦᠪᠥᠷᠢᠯᠡᠵᠦ᠂ ᠡᠭᠦᠷᠭᠡ ᠶᠢᠨ ᠵᠠᠳᠠᠯᠤᠯᠲᠠ ᠶᠢ ᠰᠠᠶᠢᠲᠤᠷ ᠬᠢᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ | ᠳᠠᠷᠠᠭᠠᠯᠠᠯ ᠢ ᠵᠢᠷᠤᠮᠵᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ | ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ︽ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ | ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠢ ᠴᠢᠩᠭ᠎ᠠ ᠬᠡᠷᠡᠭᠵᠢᠭᠦᠯᠵᠦ᠂ ᠣᠯᠠᠨ | ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ | ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠶᠢ ᠴᠢᠬᠤᠯᠠ ᠶᠡᠭᠡ | ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ | ᠪᠣᠯᠭᠠᠵᠤ᠂ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ ᠤᠬᠠᠭᠠᠨᠴᠢ᠂ ᠳᠡᠰ ᠳᠠᠷᠠᠭᠠᠯᠠᠯ ᠨᠢ ᠵᠦᠢ | ᠶᠣᠰᠣᠨ ᠤ᠂ ᠶᠠᠪᠤᠴᠠ ᠶᠢ ᠢᠯᠡ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠤᠯᠢ ᠬᠡᠷᠡᠭᠵᠢᠭᠦᠯᠬᠦ ᠦᠢᠯᠡ | ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠬᠡᠷᠡᠭᠲᠡᠢ᠃ | ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠪᠣᠯᠪᠠᠰᠤᠷᠠᠯ ᠢ | ᠪᠠᠶᠢᠩᠭᠤᠵᠢᠭᠤᠯᠤᠨ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠤᠨᠤᠯ ᠤᠨ ᠬᠢᠷᠢ ᠲᠦᠪᠰᠢᠨ ᠪᠠ ᠬᠠᠤᠯᠢ | ᠬᠡᠷᠡᠭᠵᠢᠭᠦᠯᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠠᠤᠯᠢ ᠬᠡᠷᠡᠭᠵᠢᠭᠦᠯᠬᠦ᠂ | ᠪᠦᠳᠦᠭᠦᠯᠢᠭ ᠢᠶᠠᠷ ᠬᠠᠤᠯᠢ ᠬᠡᠷᠡᠭᠵᠢᠭᠦᠯᠬᠦ᠂ ᠬᠠᠤᠯᠢ ᠶᠢ ᠬᠡᠲᠦᠷᠬᠡᠶ ᠬᠡᠷᠡᠭᠵᠢᠭᠦᠯᠬᠦ᠂ ᠬᠠᠤᠯᠢ ᠶᠢ ᠬᠡᠲᠦᠷᠡᠲᠡᠯ᠎ᠡ | ᠬᠡᠷᠡᠭᠵᠢᠭᠦᠯᠬᠦ᠂ ᠬᠠᠤᠯᠢ ᠬᠡᠷᠡᠭᠵᠢᠭᠦᠯᠬᠦ ᠶᠢ ᠰᠣᠩᠭᠤᠬᠤ ᠵᠡᠷᠭᠡ ᠠᠰᠠᠭᠤᠳᠠᠯ ᠢ ᠰᠡᠷᠭᠡᠶᠢᠯᠡᠬᠦ ᠬᠡᠷᠡᠭᠲᠡᠶ᠃ ᠬᠠᠤᠯᠢ | ᠬᠡᠷᠡᠭᠵᠢᠭᠦᠯᠬᠦ ᠣᠶᠢᠯᠠᠭᠠᠭᠳᠠᠬᠤᠨ ᠪᠣᠯᠤᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ︽ᠬᠠᠲᠠᠭᠤ︾ ︽ᠵᠥᠭᠡᠯᠡᠨ︾ ᠢ | ᠵᠡᠷᠭᠡᠪᠡᠷ ᠲᠤᠰᠠᠯᠠᠬᠤ᠂ ︽ᠬᠠᠮᠢᠶᠠᠷᠬᠤ︾᠂ ︽ᠦᠢᠯᠡᠴᠢᠯᠡᠬᠦ︾ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ | ᠬᠠᠤᠯᠢ ᠬᠡᠷᠡᠭᠵᠢᠭᠦᠯᠦᠯᠲᠡ ᠶᠢ ᠡᠷᠴᠢᠮ ᠲᠠᠢ ᠪᠥᠭᠡᠳ ᠬᠠᠶᠢᠷ᠎ᠠ ᠰᠡᠳᠬᠢᠯᠭᠡ ᠲᠠᠢ ᠪᠣᠯᠭᠠᠬᠤ ᠬᠡᠷᠡᠭᠲᠡᠢ᠃ | ᠰᠢᠶᠠᠨ ᠤ ᠤᠳᠤᠷᠢᠳᠤᠯᠭ᠎ᠠ ᠹᠦ᠋ ᠬᠠᠢ ᠶᠠᠨ᠂ ᠢᠦᠢ ᠬᠤᠩ ᠯᠢᠶᠠᠩ᠂ ᠵᠤᠤ ᠬᠤᠢ ᠵᠢᠤᠢ᠂ ᠭᠦᠩ ᠰᠢᠤ ᠯᠦᠩ | ᠂ ᠰᠦᠨ ᠬᠠᠢ ᠵᠢᠶᠦ᠋ᠨ᠂ ᠾᠧᠦ ᡁᠢ ᠶᠦᠩ ᠬᠤᠷᠠᠯ ᠳᠤ ᠣᠷᠣᠯᠴᠠᠪᠠ᠃ | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |