ᠯᠢ ᠺᠠᠶ ᠳ᠋ᠦᠩ ᠰᠢᠩ ᠾᠧ ᠰᠢᠶᠠᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/18
     7 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢ ᠺᠠᠶ ᠳ᠋ᠦᠩ ᠰᠢᠩ ᠾᠧ ᠰᠢᠶᠠᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠤ ᠳᠡᠭᠡᠷ᠎ᠡ ᠬᠠᠭᠠᠰ ᠵᠢᠯ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠬᠡᠰᠡᠭ ᠰᠢᠶᠠᠩ ᠪᠠᠯᠭᠠᠰᠤ ᠪᠣᠯᠤᠨ ᠰᠢᠶᠠᠨ ᠤ ᠰᠢᠭᠤᠳ ᠬᠠᠷᠢᠶ᠎ᠠ ᠨᠢᠭᠡᠴᠡ ᠶᠢᠨ ᠳᠡᠭᠡᠷ᠎ᠡ ᠬᠠᠭᠠᠰ ᠵᠢᠯ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠰᠢᠩ ᠾᠧ ᠰᠢᠶᠠᠨ ᠤ 2024 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠬᠢᠨᠠᠨ ᠵᠥᠪᠯᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠬᠠᠤᠯᠢ ᠪᠠᠷ ᠵᠠᠰᠠᠬᠤ ᠰᠤᠷᠤᠯᠴᠠᠯᠭ᠎ᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠶ ᠪᠠᠨ ᠴᠢᠩᠭᠠᠳᠬᠠᠵᠤ᠂ ᠺᠠᠳ᠋ᠷᠴᠤᠳ ᠤᠨ ᠬᠠᠤᠯᠢ ᠪᠠᠷ ᠵᠠᠰᠠᠬᠤ ᠤᠬᠠᠮᠰᠠᠷ ᠢ ᠦᠨᠡᠨ ᠬᠦ ᠴᠢᠩᠭᠠᠳᠬᠠᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠵᠥᠷᠢᠴᠡᠯ ᠢ ᠠᠷᠢᠯᠭᠠᠬᠤ᠂ ᠬᠥᠭᠵᠢᠯᠲᠡ ᠶᠢ ᠠᠬᠢᠭᠤᠯᠬᠤ᠂ ᠥᠭᠡᠷᠡᠴᠢᠯᠡᠯᠲᠡ ᠶᠢ ᠠᠬᠢᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠡᠭᠦᠷᠭᠡ ᠶᠢᠨ ᠵᠠᠳᠠᠯᠤᠯᠲᠠ ᠶᠢ ᠰᠠᠶᠢᠲᠤᠷ ᠬᠢᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ ᠳᠠᠷᠠᠭᠠᠯᠠᠯ ᠢ ᠵᠢᠷᠤᠮᠵᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ︽ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠢ ᠴᠢᠩᠭ᠎ᠠ ᠬᠡᠷᠡᠭᠵᠢᠭᠦᠯᠵᠦ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠶᠢ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠪᠣᠯᠭᠠᠵᠤ᠂ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠶᠢᠨ ᠰᠢᠨᠵᠢᠯᠡᠬᠦ ᠤᠬᠠᠭᠠᠨᠴᠢ᠂ ᠳᠡᠰ ᠳᠠᠷᠠᠭᠠᠯᠠᠯ ᠨᠢ ᠵᠦᠢ ᠶᠣᠰᠣᠨ ᠤ᠂ ᠶᠠᠪᠤᠴᠠ ᠶᠢ ᠢᠯᠡ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠪᠣᠯᠪᠠᠰᠤᠷᠠᠯ ᠢ ᠪᠠᠶᠢᠩᠭᠤᠵᠢᠭᠤᠯᠤᠨ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ ᠤ ᠤᠨᠤᠯ ᠤᠨ ᠬᠢᠷᠢ ᠲᠦᠪᠰᠢᠨ ᠪᠠ ᠬᠠᠤᠯᠢ ᠬᠡᠷᠡᠭᠵᠢᠭᠦᠯᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠠᠤᠯᠢ ᠬᠡᠷᠡᠭᠵᠢᠭᠦᠯᠬᠦ᠂ ᠪᠦᠳᠦᠭᠦᠯᠢᠭ ᠢᠶᠠᠷ ᠬᠠᠤᠯᠢ ᠬᠡᠷᠡᠭᠵᠢᠭᠦᠯᠬᠦ᠂ ᠬᠠᠤᠯᠢ ᠶᠢ ᠬᠡᠲᠦᠷᠬᠡᠶ ᠬᠡᠷᠡᠭᠵᠢᠭᠦᠯᠬᠦ᠂ ᠬᠠᠤᠯᠢ ᠶᠢ ᠬᠡᠲᠦᠷᠡᠲᠡᠯ᠎ᠡ ᠬᠡᠷᠡᠭᠵᠢᠭᠦᠯᠬᠦ᠂ ᠬᠠᠤᠯᠢ ᠬᠡᠷᠡᠭᠵᠢᠭᠦᠯᠬᠦ ᠶᠢ ᠰᠣᠩᠭᠤᠬᠤ ᠵᠡᠷᠭᠡ ᠠᠰᠠᠭᠤᠳᠠᠯ ᠢ ᠰᠡᠷᠭᠡᠶᠢᠯᠡᠬᠦ ᠬᠡᠷᠡᠭᠲᠡᠶ᠃ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠪᠣᠯᠤᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ︽ᠬᠠᠲᠠᠭᠤ︾ ︽ᠵᠥᠭᠡᠯᠡᠨ︾ ᠢ ᠵᠡᠷᠭᠡᠪᠡᠷ ᠲᠤᠰᠠᠯᠠᠬᠤ᠂ ︽ᠬᠠᠮᠢᠶᠠᠷᠬᠤ︾᠂ ︽ᠦᠢᠯᠡᠴᠢᠯᠡᠬᠦ︾ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠠᠤᠯᠢ ᠬᠡᠷᠡᠭᠵᠢᠭᠦᠯᠦᠯᠲᠡ ᠶᠢ ᠡᠷᠴᠢᠮ ᠲᠠᠢ ᠪᠥᠭᠡᠳ ᠬᠠᠶᠢᠷ᠎ᠠ ᠰᠡᠳᠬᠢᠯᠭᠡ ᠲᠠᠢ ᠪᠣᠯᠭᠠᠬᠤ ᠬᠡᠷᠡᠭᠲᠡᠢ᠃      ᠰᠢᠶᠠᠨ ᠤ ᠤᠳᠤᠷᠢᠳᠤᠯᠭ᠎ᠠ ᠹᠦ᠋ ᠬᠠᠢ ᠶᠠᠨ᠂ ᠢᠦᠢ ᠬᠤᠩ ᠯᠢᠶᠠᠩ᠂ ᠵᠤᠤ ᠬᠤᠢ ᠵᠢᠤᠢ᠂ ᠭᠦᠩ ᠰᠢᠤ ᠯᠦᠩ ᠂ ᠰᠦᠨ ᠬᠠᠢ ᠵᠢᠶᠦ᠋ᠨ᠂ ᠾᠧᠦ ᡁᠢ ᠶᠦᠩ ᠬᠤᠷᠠᠯ ᠳᠤ ᠣᠷᠣᠯᠴᠠᠪᠠ᠃               ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3