ᠰᠢᠩ ᠾᠧ ᠰᠢᠶᠠᠨ ᠤ ᠠᠷᠠᠳ ᠤᠨ ᠰᠢᠭᠦᠬᠦ ᠬᠤᠷᠢᠶ᠎ᠠ ᠬᠠᠤᠯᠢ ᠶᠢ ᠠᠵᠤ ᠠᠬᠤᠶᠢᠯᠠᠯ ᠳᠤ ᠬᠦᠷᠭᠡᠬᠦ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/19
     ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠤᠨᠢᠨ ᠳᠡᠭᠡᠷ᠎ᠡ ᠨᠢ ᠬᠠᠮᠠᠭᠠᠯᠠᠵᠤ᠂ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 17 ᠤ ᠡᠳᠦᠷ᠂ ᠰᠢᠩ ᠾᠧ ᠰᠢᠶᠠᠨ ᠤ ᠠᠷᠠᠳ ᠤᠨ ᠰᠢᠭᠦᠬᠦ ᠬᠤᠷᠢᠶ᠎ᠠ ᠬᠠᠤᠯᠢ ᠠᠵᠤ ᠠᠬᠤᠶᠢᠯᠠᠯ ᠳᠤ ᠬᠦᠷᠭᠡᠬᠦ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠰᠢᠭᠦᠬᠦ ᠬᠤᠷᠢᠶ᠎ᠠ ᠶᠢᠨ ︽ᠬᠠᠤᠯᠢ ᠶᠢᠨ ᠳᠠᠭᠤᠨ︾ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠨᠡᠷ ᠠᠵᠤ ᠠᠬᠤᠶᠢᠯᠠᠯ ᠳᠤ ᠬᠤᠯᠪᠣᠭᠳᠠᠭᠰᠠᠨ ᠠᠷᠠᠳ ᠤᠨ ᠬᠤᠳᠠᠯᠳᠤᠭᠠᠨ ᠤ ᠶᠠᠪᠤᠳᠠᠯ ᠤᠨ ᠬᠡᠷᠡᠭ ᠢ ᠬᠡᠷᠡᠭ ᠪᠣᠯᠭᠠᠨ ᠳᠠᠩᠰᠠᠯᠠᠬᠤ᠂ ᠰᠢᠭᠦᠨ ᠲᠠᠰᠤᠯᠬᠤ᠂ ᠭᠦᠢᠴᠡᠳᠬᠡᠬᠦ ᠭᠤᠭᠴᠤᠭ᠎ᠠ ᠳᠤ ᠣᠷᠣᠰᠢᠵᠤ ᠪᠠᠶᠢᠭ᠎ᠠ ᠬᠠᠤᠯᠢ ᠴᠠᠭᠠᠵᠠ ᠶᠢᠨ ᠠᠶᠤᠯ ᠲᠦᠭᠰᠢᠭᠦᠷᠢ ᠪᠠ ᠲᠣᠭᠲᠠᠭᠠᠯ ᠠᠴᠠ ᠵᠥᠷᠢᠴᠡᠭᠰᠡᠨ ᠬᠡᠮ ᠰᠣᠭᠤᠭ ᠢ ᠤᠷᠢᠳᠴᠢᠯᠠᠨ ᠰᠡᠷᠡᠮᠵᠢᠯᠡᠭᠦᠯᠵᠦ ᠮᠡᠳᠡᠭᠳᠡᠵᠦ᠂ ᠠᠵᠤ ᠠᠬᠤᠶᠢᠯᠠᠯ ᠳᠤ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠠᠵᠢᠯ ᠤᠨ ᠲᠠᠰ ᠳᠠᠷᠠᠭᠠᠯᠠᠯ ᠢᠶᠠᠨ ᠵᠢᠷᠤᠮᠵᠢᠭᠤᠯᠵᠤ ᠂ ᠵᠠᠬ᠎ᠠ ᠳᠡᠯᠭᠡᠭᠦᠷ ᠤᠨ ᠠᠷᠠᠯᠵᠢᠶᠠᠨ ᠤ ᠶᠠᠪᠤᠴᠠ ᠳᠤ ᠠᠷᠠᠯᠵᠢᠶ᠎ᠠ ᠳᠤ ᠣᠷᠣ ᠮᠥᠷ ᠦᠯᠡᠳᠡᠭᠡᠬᠦ ᠵᠢᠴᠢ ᠭᠡᠷᠡᠴᠢ ᠪᠠᠷᠢᠮᠲᠠ ᠶᠢ ᠬᠠᠳᠠᠭᠠᠯᠠᠬᠤ ᠶᠢ ᠴᠢᠬᠤᠯᠠᠴᠢᠯᠠᠵᠤ᠂ ᠵᠠᠷᠭᠤ ᠠᠴᠠ ᠪᠣᠯᠵᠣ ᠠᠵᠤ ᠠᠬᠤᠶᠢᠯᠠᠯ ᠳᠤ ᠡᠵᠡᠩᠨᠡᠯᠲᠡ ᠶᠢᠨ ᠬᠦᠴᠢᠷᠳᠡᠯ ᠤᠴᠠᠷᠠᠭᠤᠯᠬᠤ ᠠᠴᠠ ᠵᠠᠶᠢᠯᠠᠰᠬᠢᠬᠦ ᠶᠢᠨ ᠬᠠᠮᠲᠤ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠬᠠᠷᠢᠭᠤᠯᠲᠠ ᠥᠭᠬᠦ ᠬᠡᠷᠡᠭᠲᠡᠶ ᠭᠡᠵᠦ ᠰᠠᠨᠠᠭᠤᠯᠪᠠ᠃      ᠺᠣᠮᠫᠠᠨᠢ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠳᠤ ᠬᠠᠤᠯᠢ ᠴᠠᠭᠠᠵᠠ ᠪᠠᠷ ᠪᠠᠲᠤᠯᠠᠭ᠎ᠠ ᠪᠣᠯᠭᠠᠬᠤ ᠴᠢᠬᠤᠯᠠᠲᠠᠶ ᠪᠠᠶᠢᠨ᠎ᠠ᠂ ᠰᠢᠩ ᠾᠧ ᠰᠢᠶᠠᠨ ᠤ ᠠᠷᠠᠳ ᠤᠨ ᠰᠢᠭᠦᠬᠦ ᠬᠤᠷᠢᠶ᠎ᠠ ᠶᠢᠨ ︽ᠬᠠᠤᠯᠢ ᠬᠦᠷᠭᠡᠵᠦ ᠠᠵᠤ ᠠᠬᠤᠶᠢᠯᠠᠯ ᠳᠤ ᠣᠷᠣᠭᠤᠯᠬᠤ︾ ᠠᠵᠢᠯᠯᠠᠭ᠎ᠠ ᠥᠷᠨᠢᠭᠦᠯᠬᠦ ᠳᠤ ᠲᠠᠯᠠᠷᠬᠠᠵᠤ᠂ ᠠᠵᠤ ᠠᠬᠤᠶᠢᠯᠠᠯ ᠤᠨ ᠪᠣᠳᠠᠲᠤ ᠶᠠᠪᠤᠳᠠᠯ ᠤᠨ ᠳᠤᠮᠳᠠ ᠲᠤᠯᠭᠠᠷᠠᠭᠰᠠᠨ ᠬᠠᠤᠯᠢ ᠴᠠᠭᠠᠵᠠ ᠶᠢᠨ ᠬᠦᠴᠢᠷ ᠠᠰᠠᠭᠤᠳᠠᠯ ᠢ ᠰᠢᠶ᠋ᠳᠪᠦᠷᠢᠯᠡᠵᠦ᠂ ᠰᠢᠭᠦᠬᠦ ᠬᠤᠷᠢᠶ᠎ᠠ ᠲᠠᠢ ᠤᠯᠠᠮ ᠨᠢᠭᠡ ᠠᠯᠬᠤᠮ ᠭᠦᠨᠵᠡᠭᠡᠶ ᠰᠣᠯᠢᠯᠴᠠᠵᠤ᠂ ᠰᠢᠭᠦᠬᠦ ᠬᠤᠷᠢᠶ᠎ᠠ ᠬᠢᠭᠡᠳ ᠠᠵᠤ ᠠᠬᠤᠶᠢᠯᠠᠯ ᠤᠨ ᠰᠠᠶᠢᠨ ᠰᠠᠶᠢᠬᠠᠨ ᠬᠤᠷᠰᠢᠯᠴᠠᠭ᠎ᠠ ᠶᠢ ᠪᠦᠷᠢᠯᠳᠦᠭᠦᠯᠬᠦ ᠶᠢ ᠬᠦᠰᠡᠵᠦ ᠪᠠᠶᠢᠨ᠎ᠠ ᠭᠡᠵᠡᠶ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3