ᠰᠢᠩ ᠾᠧ ᠰᠢᠶᠠᠨ 37 ᠳ᠋ᠤᠭᠠᠷ ︽ᠣᠯᠠᠨ ᠤᠯᠤᠰ ᠤᠨ ᠬᠤᠤᠷᠲᠤ ᠡᠳ᠋ ᠢ ᠴᠠᠭᠠᠵᠠᠯᠠᠬᠤ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/2
     6 ᠰᠠᠷ᠎ᠠ ᠶᠢᠨ 26᠎ ᠤ ᠡᠳᠦᠷ᠂ ᠰᠢᠩ ᠾᠧ ᠰᠢᠶᠠᠨ ︽ᠵᠠᠯᠠᠭᠤᠴᠤᠳ ᠪᠠᠭᠠᠴᠤᠳ ᠤᠨ ᠡᠮ ᠲᠠᠩ ᠢ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠵᠦ ᠰᠢᠨ᠎ᠡ ᠴᠠᠭ ᠦᠶ᠎ᠡ ᠶᠢᠨ ᠬᠤᠤᠷᠲᠤ ᠡᠳ᠋ ᠥᠬᠡᠶ ᠤᠮᠠᠷᠠᠲᠤ ᠬᠢᠯᠢ ᠶᠢ ᠬᠠᠮᠲᠤ ᠪᠠᠷ ᠴᠣᠭᠴᠠᠯᠠᠶ᠎ᠠ︾ ᠭᠡᠬᠦ ᠭᠤᠤᠯ ᠰᠡᠳᠦᠪᠲᠦ ︽ᠣᠯᠠᠨ ᠤᠯᠤᠰ ᠤᠨ ᠬᠤᠤᠷᠲᠤ ᠡᠳ᠋ ᠢ ᠴᠠᠭᠠᠵᠠᠯᠠᠬᠤ ᠡᠳᠦᠷ ︾᠎ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮ ᠳᠠᠶᠠᠭᠠᠷ ᠢ ᠳᠠᠶᠢᠴᠢᠯᠠᠨ ᠬᠤᠤᠷᠲᠤ ᠡᠳ᠋ ᠢ ᠴᠠᠭᠠᠵᠠᠯᠠᠬᠤ ᠠᠵᠢᠯ ᠢ ᠬᠠᠮᠲᠤ ᠪᠠᠷ ᠠᠩᠬᠠᠷᠴᠤ᠂ ᠲᠡᠭᠦᠨ ᠳᠤ ᠣᠷᠣᠯᠴᠠᠭᠤᠯᠵᠤ᠂ ᠪᠥᠬᠦ ᠠᠷᠠᠳ ᠤᠨ ᠬᠤᠤᠷᠲᠤ ᠡᠳ᠋ ᠢ ᠴᠠᠭᠠᠵᠠᠯᠠᠬᠤ ᠨᠡᠶᠢᠭᠡᠮ ᠤᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠤᠯᠠᠨ ᠲᠠᠯ᠎ᠠ ᠠᠴᠠ ᠤᠯᠠᠨ ᠲᠦᠮᠡᠨ ᠳᠤ ᠬᠤᠣᠷᠲᠤ ᠡᠳ᠋ ᠤᠨ ᠬᠤᠣᠷ ᠬᠥᠨᠥᠭᠡᠯ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠪᠦᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠪᠠ᠃ ᠬᠤᠤᠷᠲᠤ ᠡᠳ᠋ ᠢ ᠴᠠᠭᠠᠵᠠᠯᠠᠬᠤ ᠰᠠᠯᠪᠤᠷᠢ ᠠᠩᠭᠢ ᠶᠢᠨ ᠠᠷᠠᠳ ᠤᠨ ᠴᠠᠭᠳᠠᠭ᠎ᠠ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠨᠡᠶᠢᠯᠡᠮᠡᠯ ᠬᠤᠤᠷᠲᠤ ᠡᠳ᠋ ᠤᠨ ᠬᠥᠮᠦᠨ ᠤ ᠪᠡᠶ᠎ᠡ ᠳᠤ ᠤᠴᠠᠷᠠᠭᠤᠯᠤᠭᠰᠠᠨ ᠬᠤᠤᠷ ᠬᠥᠨᠥᠭᠡᠯ᠂ ᠠᠮᠤ ᠴᠡᠴᠡᠭ ᠬᠠᠤᠯᠢ ᠪᠤᠰᠤ ᠪᠠᠷ ᠳᠠᠷᠢᠬᠤ ᠬᠦᠨᠳᠦ ᠨᠣᠴᠢᠲᠠᠶ ᠦᠷ᠎ᠡ ᠳ᠋ᠦᠩ ᠵᠡᠷᠭᠡ ᠬᠤᠤᠷᠲᠤ ᠡᠳ᠋ ᠤᠨ ᠬᠤᠤᠷ ᠬᠥᠨᠥᠭᠡᠯ ᠪᠠ ᠬᠤᠤᠷᠲᠤ ᠡᠳ᠋ ᠢ ᠰᠡᠷᠭᠡᠶᠢᠯᠡᠬᠦ ᠬᠠᠮᠢᠶ᠎ᠠ ᠪᠥᠬᠦᠶ ᠮᠡᠳᠡᠯᠭᠡ ᠶᠢ ᠥᠷᠭᠡᠨ ᠢᠶᠠᠷ ᠤᠬᠠᠭᠤᠯᠤᠨ ᠲᠦᠭᠡᠮᠡᠯᠵᠢᠭᠦᠯᠵᠦ᠂ ᠣᠯᠠᠨ ᠢ ᠬᠤᠤᠷ ᠲᠠᠲᠠᠬᠤ ᠥᠬᠡᠶ᠂ ᠬᠤᠤᠷ ᠫᠠᠨᠽᠠᠯᠠᠬᠤ ᠥᠬᠡᠶ᠂ ᠬᠤᠤᠷᠲᠤ ᠡᠳ᠋ ᠢ ᠫᠠᠨᠽᠠᠯᠠᠬᠤ ᠥᠬᠡᠶ᠂ ᠬᠤᠤᠷᠲᠤ ᠡᠳ᠋ ᠢ ᠦᠢᠯᠡᠳᠬᠦ ᠥᠬᠡᠶ ᠭᠡᠵᠦ ᠰᠠᠨᠠᠭᠤᠯᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 3000 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠠᠰᠠᠭᠤᠨ ᠯᠠᠪᠯᠠᠬᠤ ᠶᠢ 150 ᠭᠠᠷᠤᠶ ᠤᠳᠠᠭ᠎ᠠ ᠬᠦᠯᠢᠶᠡᠨ ᠠᠪᠤᠪᠠ᠃ 6 ᠰᠠᠷ᠎ᠠ ᠪᠣᠯᠬᠤ ᠳᠤ᠂ ᠰᠢᠩ ᠾᠧ ᠰᠢᠶᠠᠨ ᠣᠯᠠᠨ ᠶᠠᠩᠵᠤ ᠬᠡᠯᠪᠡᠷᠢ ᠶᠢᠨ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠪᠠᠭᠠᠴᠤᠳ ᠵᠡᠷᠭᠡ ᠭᠤᠤᠯᠳᠠᠯᠭ᠎ᠠ ᠲᠠᠢ ᠬᠥᠮᠦᠰ ᠤᠨ ᠬᠤᠤᠷᠲᠤ ᠡᠳ᠋ ᠢ ᠲᠠᠨᠢᠬᠤ᠂ ᠬᠤᠤᠷᠲᠤ ᠡᠳ᠋ ᠢ ᠡᠰᠡᠷᠭᠦᠴᠡᠬᠦ᠂ ᠬᠤᠤᠷᠲᠤ ᠡᠳ᠋ ᠢ ᠰᠡᠷᠭᠡᠶᠢᠯᠡᠬᠦ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠤᠷᠲᠤ ᠡᠳ᠋ ᠢ ᠴᠠᠭᠠᠵᠠᠯᠠᠬᠤ ᠲᠡᠮᠡᠴᠡᠯ ᠳᠤ ᠨᠡᠶᠢᠭᠡᠮ ᠤᠨ ᠡᠯ᠎ᠡ ᠡᠲᠡᠭᠡᠳ ᠤᠨ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠬᠤᠤᠷᠲᠤ ᠡᠳ᠋ ᠢ ᠴᠠᠭᠠᠵᠠᠯᠠᠬᠤ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃                               ᠢᠷᠡᠯᠲᠡ᠄  ᠠᠮᠢᠵᠢᠷᠠᠯ ᠤᠨ ᠬᠦᠴᠦᠨ ᠲᠠᠢ ᠰᠢᠩ ᠾᠧ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3