ᠸᠠᠩ ᠬᠤᠶ ᠢᠦᠶ ︽ᠲᠤᠯᠤᠭᠠᠨ ᠰᠠᠷ᠎ᠠ ᠶᠢᠨ ᠨᠢᠭᠡᠨ︾᠎ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/2
  ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢᠨ ᠲᠠᠰᠢᠷᠠᠮ ᠢᠶᠠᠷ᠂ 7 ᠰᠠᠷ᠎ᠠ ᠶᠢᠨ 1᠎ ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠠᠬᠠᠮᠠᠳ ᠨᠠᠮ ᠤᠨ ᠭᠡᠰᠢᠭᠦᠨ ᠪᠣᠯᠤᠨ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ ᠢ ᠲᠣᠬᠤᠨᠢᠭᠤᠯᠵᠤ᠂ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠤᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠪᠡ᠃    ᠸᠠᠩ ᠬᠤᠢ ᠢᠦᠢ 50 ᠵᠢᠯ ᠤᠨ ᠨᠠᠮ ᠤᠨ ᠭᠡᠰᠢᠭᠦᠨ ᠨᠠᠨ ᠰᠢᠤ ᠶᠢᠩ ᠤᠨ ᠭᠡᠷ ᠲᠤ ᠬᠦᠷᠴᠦ᠂ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠠᠬᠠᠮᠠᠳ ᠨᠠᠮ ᠤᠨ ᠭᠡᠰᠢᠭᠦᠨ ᠤ ᠥᠩᠭᠡᠷᠡᠭᠰᠡᠨ ᠤ ᠲᠡᠮᠡᠴᠡᠯ ᠤᠨ ᠥᠩᠭᠡᠷᠡᠯᠲᠡ ᠪᠣᠯᠤᠨ ᠨᠠᠮ ᠤᠨ ᠲᠥᠯᠥᠭᠡ ᠬᠤᠪᠢ ᠨᠡᠮᠡᠷᠢ ᠦᠵᠡᠭᠦᠯᠦᠭᠰᠡᠨ ᠭᠠᠶᠢᠬᠠᠮᠰᠢᠭᠲᠤ ᠤᠨ ᠰᠠᠷ᠎ᠠ ᠶᠢ ᠡᠷᠭᠢᠴᠡᠭᠦᠯᠬᠦ ᠶᠢ ᠨᠠᠷᠢᠨ ᠬᠢᠨᠠᠮᠠᠭᠠᠢ ᠰᠣᠨᠣᠰᠴᠤ᠂ ᠲᠡᠭᠦᠨ ᠤ ᠪᠡᠶ᠎ᠡ ᠮᠠᠬᠠᠪᠣᠳ ᠤᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠢ ᠨᠠᠷᠢᠨ ᠠᠰᠠᠭᠤᠵᠤ᠂ ᠠᠬᠠᠮᠠᠳ ᠨᠠᠮ ᠤᠨ ᠭᠡᠰᠢᠭᠦᠨ ᠤ ᠤᠯᠠᠨ ᠵᠢᠯ ᠤᠨ ᠲᠤᠷᠰᠢ ᠨᠠᠮ ᠤᠨ ᠦᠢᠯᠡᠰ ᠪᠣᠯᠤᠨ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ ᠨᠠᠮ ᠤᠨ ᠵᠣᠬᠢᠶᠠᠨ ᠪᠠᠶᠢᠭᠤᠯᠤᠯᠲᠠ ᠶᠢ ᠲᠥᠯᠥᠭᠡᠯᠡᠨ ︽ᠢᠷᠠᠭᠤ ᠠᠯᠳᠠᠷᠲᠠᠢ 50 ᠵᠢᠯ︾᠎ ᠤᠨ ᠳᠤᠷᠠᠰᠬᠠᠯ ᠤᠨ ᠲᠡᠮᠳᠡᠭ ᠭᠠᠷᠳᠠᠭᠤᠯᠵᠠᠢ᠃ ᠸᠠᠩ ᠬᠤᠢ ᠢᠦᠢ ᠬᠡᠯᠡᠭᠰᠡᠨ ᠨᠢ᠂ ᠠᠬᠠᠮᠠᠳ ᠨᠠᠮ ᠤᠨ ᠭᠡᠰᠢᠭᠦᠳ ᠨᠠᠮ ᠪᠣᠯᠤᠨ ᠤᠯᠤᠰ ᠲᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠠᠪᠤᠳᠠᠯ ᠪᠣᠯ ᠮᠠᠨ ᠤ ᠡᠷᠬᠢᠮ ᠨᠠᠨᠳᠢᠨ ᠥᠪ ᠬᠦᠷᠦᠩᠭᠡ ᠮᠥᠨ᠂ ᠪᠠᠰᠠ ᠴᠤ ᠮᠠᠨ ᠤ ᠰᠤᠷᠤᠯᠴᠠᠬᠤ ᠳᠠᠭᠤᠷᠢᠶᠠᠯ ᠮᠥᠨ᠂ ᠠᠬᠠᠮᠠᠳ ᠨᠠᠮ ᠤᠨ ᠭᠡᠰᠢᠭᠦᠨ ᠤ ᠬᠠᠯᠠᠭᠤᠨ ᠳᠤᠯᠠᠭᠠᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠬᠠᠶᠢᠷ᠎ᠠ ᠰᠡᠳᠬᠢᠯᠭᠡ ᠪᠣᠯᠤᠨ ᠬᠠᠷᠢᠭᠤᠴᠠᠯᠭ᠎ᠠ ᠲᠠᠢ ᠪᠠᠷ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠠᠬᠠᠮᠠᠳ ᠨᠠᠮ ᠤᠨ ᠭᠡᠰᠢᠭᠦᠳ ᠲᠤ ᠥᠲᠡᠯᠦᠭᠡ ᠨᠠᠰᠤ ᠪᠠᠨ ᠠᠮᠤᠷ ᠵᠢᠮᠦᠷ ᠡᠳ᠋ᠯᠡᠭᠦᠯᠬᠦ ᠬᠡᠷᠡᠭᠲᠡᠢ᠃ ᠠᠬᠠᠮᠠᠳ ᠨᠠᠮ ᠤᠨ ᠭᠡᠰᠢᠭᠦᠨ ᠤ ᠪᠡᠶ᠎ᠡ ᠳᠡᠭᠡᠷ᠎ᠡ ᠠᠴᠠ ᠤᠭ ᠰᠠᠨᠠᠭ᠎ᠠ ᠪᠠᠨ ᠣᠶᠢᠯᠠᠭᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠰᠠᠶᠢᠲᠤᠷ ᠤᠯᠠᠮᠵᠢᠯᠠᠨ ᠪᠠᠳᠠᠷᠠᠭᠤᠯᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ᠂ ᠰᠢᠨ᠎ᠡ ᠠᠶᠠᠨ ᠵᠠᠮ ᠳᠤ ᠵᠣᠷᠢᠭᠲᠠᠢ ᠪᠠᠷ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃    ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ ᠵᠤᠤ ᠵᠠᠨ ᠯᠦ ᠶᠢᠨ ᠭᠡᠷ ᠲᠤ᠂ ᠸᠠᠩ ᠬᠤᠢ ᠢᠦᠢ ᠲᠡᠭᠦᠨ ᠲᠠᠢ ᠡᠪᠦᠳᠦᠭ ᠨᠤᠭᠤᠯᠤᠨ ᠶᠠᠷᠢᠯᠴᠠᠵᠤ᠂ ᠭᠡᠷ ᠪᠦᠯᠢ ᠶᠢᠨ ᠠᠮᠢᠳᠤᠷᠠᠯ᠂ ᠪᠡᠶ᠎ᠡ ᠮᠠᠬᠠᠪᠣᠳ ᠤᠨ ᠪᠠᠶᠢᠳᠠᠯ ᠵᠢᠴᠢ ᠣᠳᠣᠬᠠᠨ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠪᠠ᠃ ᠸᠠᠩ ᠬᠤᠢ ᠢᠦᠢ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠦᠴᠢᠷᠳᠡᠯᠲᠡᠢ ᠨᠠᠮ ᠤᠨ ᠭᠡᠰᠢᠭᠦᠨ ᠤ ᠠᠮᠢᠳᠤᠷᠠᠯ ᠤᠨ ᠪᠠᠶᠢᠳᠠᠯ ᠢ ᠴᠠᠭ ᠢᠮᠠᠭᠲᠠ ᠬᠠᠯᠠᠮᠵᠢᠯᠠᠨ ᠠᠩᠬᠠᠷᠴᠤ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠲᠡᠳᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠦᠵᠡᠯ ᠰᠠᠨᠠᠭᠠᠨ ᠤ ᠲᠠᠯ᠎ᠠ ᠪᠠᠷ ᠬᠠᠯᠠᠮᠵᠢᠯᠠᠬᠤ ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠬᠤ᠂ ᠤᠶᠤᠨ ᠰᠠᠨᠠᠭᠠᠨ ᠤ ᠲᠠᠯ᠎ᠠ ᠪᠠᠷ ᠬᠠᠯᠠᠮᠵᠢᠯᠠᠬᠤ ᠶᠢ ᠦᠨᠡᠨᠬᠦ ᠪᠡᠶᠡᠯᠡᠭᠦᠯᠵᠦ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠬᠦ ᠬᠡᠷᠡᠭᠲᠡᠢ᠃ ᠡᠭᠦᠨ ᠤ ᠬᠠᠮᠲᠤ᠂ ᠬᠦᠴᠢᠷᠳᠡᠯᠲᠡᠢ ᠨᠠᠮ ᠤᠨ ᠭᠡᠰᠢᠭᠦᠨ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠠᠰᠤᠩᠭᠤᠢ ᠠᠮᠢᠳᠤᠷᠠᠵᠤ᠂ ᠪᠡᠶ᠎ᠡ ᠪᠠᠨ ᠭᠠᠮᠨᠠᠬᠤ ᠶᠢᠨ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠪᠦᠬᠦ ᠰᠢᠶᠠᠨ ᠤ ᠡᠯ᠎ᠡ ᠵᠦᠢᠯ ᠤᠨ ᠠᠵᠢᠯ ᠢ ᠬᠠᠯᠠᠮᠵᠢᠯᠠᠨ ᠳᠡᠮᠵᠢᠵᠦ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠯᠡᠭᠦᠬᠡᠨ ᠠᠷᠭ᠎ᠠ ᠤᠬᠠᠭᠠᠨ ᠭᠠᠷᠭᠠᠵᠤ᠂ ᠦᠯᠡᠳᠡᠪᠦᠷᠢ ᠢᠯᠴᠢ ᠪᠠᠨ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3