ᠸᠠᠩ ᠬᠤᠶ ᠢᠦᠶ ︽ᠲᠤᠯᠤᠭᠠᠨ ᠰᠠᠷ᠎ᠠ ᠶᠢᠨ ᠨᠢᠭᠡᠨ︾ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/2
  ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢᠨ ᠲᠠᠰᠢᠷᠠᠮ ᠢᠶᠠᠷ᠂ 7 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠠᠬᠠᠮᠠᠳ ᠨᠠᠮ ᠤᠨ ᠭᠡᠰᠢᠭᠦᠨ ᠪᠣᠯᠤᠨ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ ᠢ ᠲᠣᠬᠤᠨᠢᠭᠤᠯᠵᠤ᠂ ᠲᠡᠳᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠤᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠪᠡ᠃    ᠸᠠᠩ ᠬᠤᠢ ᠢᠦᠢ 50 ᠵᠢᠯ ᠤᠨ ᠨᠠᠮ ᠤᠨ ᠭᠡᠰᠢᠭᠦᠨ ᠨᠠᠨ ᠰᠢᠤ ᠶᠢᠩ ᠤᠨ ᠭᠡᠷ ᠲᠤ ᠬᠦᠷᠴᠦ᠂ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠠᠬᠠᠮᠠᠳ ᠨᠠᠮ ᠤᠨ ᠭᠡᠰᠢᠭᠦᠨ ᠤ ᠥᠩᠭᠡᠷᠡᠭᠰᠡᠨ ᠤ ᠲᠡᠮᠡᠴᠡᠯ ᠤᠨ ᠥᠩᠭᠡᠷᠡᠯᠲᠡ ᠪᠣᠯᠤᠨ ᠨᠠᠮ ᠤᠨ ᠲᠥᠯᠥᠭᠡ ᠬᠤᠪᠢ ᠨᠡᠮᠡᠷᠢ ᠦᠵᠡᠭᠦᠯᠦᠭᠰᠡᠨ ᠭᠠᠶᠢᠬᠠᠮᠰᠢᠭᠲᠤ ᠤᠨ ᠰᠠᠷ᠎ᠠ ᠶᠢ ᠡᠷᠭᠢᠴᠡᠭᠦᠯᠬᠦ ᠶᠢ ᠨᠠᠷᠢᠨ ᠬᠢᠨᠠᠮᠠᠭᠠᠢ ᠰᠣᠨᠣᠰᠴᠤ᠂ ᠲᠡᠭᠦᠨ ᠤ ᠪᠡᠶ᠎ᠡ ᠮᠠᠬᠠᠪᠣᠳ ᠤᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠢ ᠨᠠᠷᠢᠨ ᠠᠰᠠᠭᠤᠵᠤ᠂ ᠠᠬᠠᠮᠠᠳ ᠨᠠᠮ ᠤᠨ ᠭᠡᠰᠢᠭᠦᠨ ᠤ ᠤᠯᠠᠨ ᠵᠢᠯ ᠤᠨ ᠲᠤᠷᠰᠢ ᠨᠠᠮ ᠤᠨ ᠦᠢᠯᠡᠰ ᠪᠣᠯᠤᠨ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ ᠨᠠᠮ ᠤᠨ ᠵᠣᠬᠢᠶᠠᠨ ᠪᠠᠶᠢᠭᠤᠯᠤᠯᠲᠠ ᠶᠢ ᠲᠥᠯᠥᠭᠡᠯᠡᠨ ︽ᠢᠷᠠᠭᠤ ᠠᠯᠳᠠᠷᠲᠠᠢ 50 ᠵᠢᠯ︾ ᠤᠨ ᠳᠤᠷᠠᠰᠬᠠᠯ ᠤᠨ ᠲᠡᠮᠳᠡᠭ ᠭᠠᠷᠳᠠᠭᠤᠯᠵᠠᠢ᠃ ᠸᠠᠩ ᠬᠤᠢ ᠢᠦᠢ ᠬᠡᠯᠡᠭᠰᠡᠨ ᠨᠢ᠂ ᠠᠬᠠᠮᠠᠳ ᠨᠠᠮ ᠤᠨ ᠭᠡᠰᠢᠭᠦᠳ ᠨᠠᠮ ᠪᠣᠯᠤᠨ ᠤᠯᠤᠰ ᠲᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠠᠪᠤᠳᠠᠯ ᠪᠣᠯ ᠮᠠᠨ ᠤ ᠡᠷᠬᠢᠮ ᠨᠠᠨᠳᠢᠨ ᠥᠪ ᠬᠦᠷᠦᠩᠭᠡ ᠮᠥᠨ᠂ ᠪᠠᠰᠠ ᠴᠤ ᠮᠠᠨ ᠤ ᠰᠤᠷᠤᠯᠴᠠᠬᠤ ᠳᠠᠭᠤᠷᠢᠶᠠᠯ ᠮᠥᠨ᠂ ᠠᠬᠠᠮᠠᠳ ᠨᠠᠮ ᠤᠨ ᠭᠡᠰᠢᠭᠦᠨ ᠤ ᠬᠠᠯᠠᠭᠤᠨ ᠳᠤᠯᠠᠭᠠᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠬᠠᠶᠢᠷ᠎ᠠ ᠰᠡᠳᠬᠢᠯᠭᠡ ᠪᠣᠯᠤᠨ ᠬᠠᠷᠢᠭᠤᠴᠠᠯᠭ᠎ᠠ ᠲᠠᠢ ᠪᠠᠷ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠠᠬᠠᠮᠠᠳ ᠨᠠᠮ ᠤᠨ ᠭᠡᠰᠢᠭᠦᠳ ᠲᠤ ᠥᠲᠡᠯᠦᠭᠡ ᠨᠠᠰᠤ ᠪᠠᠨ ᠠᠮᠤᠷ ᠵᠢᠮᠦᠷ ᠡᠳ᠋ᠯᠡᠭᠦᠯᠬᠦ ᠬᠡᠷᠡᠭᠲᠡᠢ᠃ ᠠᠬᠠᠮᠠᠳ ᠨᠠᠮ ᠤᠨ ᠭᠡᠰᠢᠭᠦᠨ ᠤ ᠪᠡᠶ᠎ᠡ ᠳᠡᠭᠡᠷ᠎ᠡ ᠠᠴᠠ ᠤᠭ ᠰᠠᠨᠠᠭ᠎ᠠ ᠪᠠᠨ ᠣᠶᠢᠯᠠᠭᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠰᠠᠶᠢᠲᠤᠷ ᠤᠯᠠᠮᠵᠢᠯᠠᠨ ᠪᠠᠳᠠᠷᠠᠭᠤᠯᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ᠂ ᠰᠢᠨ᠎ᠡ ᠠᠶᠠᠨ ᠵᠠᠮ ᠳᠤ ᠵᠣᠷᠢᠭᠲᠠᠢ ᠪᠠᠷ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃    ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ ᠵᠤᠤ ᠵᠠᠨ ᠯᠦ ᠶᠢᠨ ᠭᠡᠷ ᠲᠤ᠂ ᠸᠠᠩ ᠬᠤᠢ ᠢᠦᠢ ᠲᠡᠭᠦᠨ ᠲᠠᠢ ᠡᠪᠦᠳᠦᠭ ᠨᠤᠭᠤᠯᠤᠨ ᠶᠠᠷᠢᠯᠴᠠᠵᠤ᠂ ᠭᠡᠷ ᠪᠦᠯᠢ ᠶᠢᠨ ᠠᠮᠢᠳᠤᠷᠠᠯ᠂ ᠪᠡᠶ᠎ᠡ ᠮᠠᠬᠠᠪᠣᠳ ᠤᠨ ᠪᠠᠶᠢᠳᠠᠯ ᠵᠢᠴᠢ ᠣᠳᠣᠬᠠᠨ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠪᠠ᠃ ᠸᠠᠩ ᠬᠤᠢ ᠢᠦᠢ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠦᠴᠢᠷᠳᠡᠯᠲᠡᠢ ᠨᠠᠮ ᠤᠨ ᠭᠡᠰᠢᠭᠦᠨ ᠤ ᠠᠮᠢᠳᠤᠷᠠᠯ ᠤᠨ ᠪᠠᠶᠢᠳᠠᠯ ᠢ ᠴᠠᠭ ᠢᠮᠠᠭᠲᠠ ᠬᠠᠯᠠᠮᠵᠢᠯᠠᠨ ᠠᠩᠬᠠᠷᠴᠤ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠲᠡᠳᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠦᠵᠡᠯ ᠰᠠᠨᠠᠭᠠᠨ ᠤ ᠲᠠᠯ᠎ᠠ ᠪᠠᠷ ᠬᠠᠯᠠᠮᠵᠢᠯᠠᠬᠤ ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠬᠤ᠂ ᠤᠶᠤᠨ ᠰᠠᠨᠠᠭᠠᠨ ᠤ ᠲᠠᠯ᠎ᠠ ᠪᠠᠷ ᠬᠠᠯᠠᠮᠵᠢᠯᠠᠬᠤ ᠶᠢ ᠦᠨᠡᠨᠬᠦ ᠪᠡᠶᠡᠯᠡᠭᠦᠯᠵᠦ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠬᠦ ᠬᠡᠷᠡᠭᠲᠡᠢ᠃ ᠡᠭᠦᠨ ᠤ ᠬᠠᠮᠲᠤ᠂ ᠬᠦᠴᠢᠷᠳᠡᠯᠲᠡᠢ ᠨᠠᠮ ᠤᠨ ᠭᠡᠰᠢᠭᠦᠨ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠠᠰᠤᠩᠭᠤᠢ ᠠᠮᠢᠳᠤᠷᠠᠵᠤ᠂ ᠪᠡᠶ᠎ᠡ ᠪᠠᠨ ᠭᠠᠮᠨᠠᠬᠤ ᠶᠢᠨ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠪᠦᠬᠦ ᠰᠢᠶᠠᠨ ᠤ ᠡᠯ᠎ᠡ ᠵᠦᠢᠯ ᠤᠨ ᠠᠵᠢᠯ ᠢ ᠬᠠᠯᠠᠮᠵᠢᠯᠠᠨ ᠳᠡᠮᠵᠢᠵᠦ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠯᠡᠭᠦᠬᠡᠨ ᠠᠷᠭ᠎ᠠ ᠤᠬᠠᠭᠠᠨ ᠭᠠᠷᠭᠠᠵᠤ᠂ ᠦᠯᠡᠳᠡᠪᠦᠷᠢ ᠢᠯᠴᠢ ᠪᠠᠨ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3