ᠰᠢᠩ ᠾᠧ ᠰᠢᠶᠠᠨ ᠤ ᠪᠣᠯᠪᠠᠰᠤᠨ ᠴᠤᠭᠯᠠᠭ᠎ᠠ ᠮᠠᠶᠢᠮᠠᠢ ᠨᠢ ᠪᠣᠯᠪᠠᠰᠤᠨ ᠬᠤᠸᠠᠷ ᠫᠤᠤᠵᠢᠩ ᠬᠤᠷᠠᠮᠳᠤᠭᠤᠯᠪᠠ︕
ᠨᠡᠶᠢᠲᠡᠯᠡᠭᠰᠡᠨ ᠴᠠᠭ᠄
2024/7/23
     ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ᠂ ᠠᠷᠠᠳ ᠲᠤ ᠲᠦᠬᠦᠮ ᠦᠵᠡᠭᠦᠯᠬᠦ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠪᠣᠯᠪᠠᠰᠤᠨ ᠤ ᠦᠢᠯᠡᠳᠦᠯᠭᠡ ᠶᠢᠨ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ︾᠎ ᠢ ᠨᠡᠪᠲᠡᠷᠡᠭᠦᠯᠵᠦ᠂ ᠤᠯᠠᠨ ᠲᠦᠮᠡᠨ ᠳᠤ ︽ᠨᠢᠭᠡ ᠥᠷᠲᠡᠭᠡᠨ ᠤ ᠮᠠᠶ᠋ᠢᠭ︾᠎ ᠤᠨ ᠦᠢᠯᠡᠴᠢᠯᠡᠭᠡ ᠬᠦᠷᠲᠡᠭᠡᠨ᠎ᠡ᠃ 7 ᠰᠠᠷ᠎ᠠ ᠶᠢᠨ 15᠎ ᠤ ᠡᠳᠦᠷ ᠠᠴᠠ 19᠎ ᠤ ᠡᠳᠦᠷ ᠪᠣᠯᠲᠠᠯ᠎ᠠ᠂ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ︽ᠮᠠᠨᠳᠤᠭᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠪᠣᠯᠪᠠᠰᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︽ᠪᠣᠯᠪᠠᠰᠤᠨ ᠴᠤᠭᠯᠠᠭ᠎ᠠ ᠮᠠᠶᠢᠮᠠᠶ︾᠎ ᠶᠢᠨ ᠠᠵᠢᠯᠯᠠᠭ᠎ᠠ ᠵᠢᠴᠢ ᠴᠧᠩ ᠭᠤᠸᠠᠨ ᠪᠠᠯᠭᠠᠰᠤᠨ ᠤ ᠪᠣᠯᠪᠠᠰᠤᠨ ᠤ ᠦᠢᠯᠡᠳᠦᠯᠭᠡ ᠶᠢᠨ ᠰᠣᠯᠢᠯᠴᠠᠭᠠᠨ ᠤ ᠦᠵᠡᠭᠦᠯᠦᠯᠭᠡ ᠰᠢᠶᠠᠨ ᠤ ᠠᠷᠠᠳ ᠤᠨ ᠴᠡᠴᠡᠷᠯᠢᠭ ᠲᠤ ᠡᠬᠢᠯᠡᠪᠡ᠃
     ᠲᠣᠰ ᠤᠳᠠᠭᠠᠨ ᠤ ᠠᠵᠢᠯᠯᠠᠭ᠎ᠠ ᠶᠢ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠡᠭᠦᠳᠦᠯᠲᠡ᠂ ᠠᠯᠪᠠᠨ ᠵᠢᠷᠤᠮ ᠤᠨ ᠡᠮᠴᠢᠯᠡᠭᠡ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠣᠨᠣᠯ ᠤᠨ ᠤᠬᠠᠭᠤᠯᠭ᠎ᠠ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠥᠷᠨᠢᠭᠦᠯᠪᠡ᠃ ᠴᠤᠭᠯᠠᠭ᠎ᠠ ᠮᠠᠶᠢᠮᠠᠶ ᠳᠡᠭᠡᠷ᠎ᠡ᠂ ᠣᠯᠠᠨ ︽ᠳᠡᠯᠭᠡᠭᠦᠷ︾ ᠵᠡᠷᠭᠡᠪᠡᠷ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠠᠯᠠᠭᠤᠮᠰᠤᠭ ᠢᠶᠠᠷ ᠭᠦᠢᠴᠡᠳ ᠬᠠᠷᠢᠭᠤᠯᠵᠤ᠂ ᠬᠦᠯᠢᠴᠡᠩᠭᠦᠶ ᠪᠠᠷ ᠬᠠᠷᠢᠭᠤᠯᠪᠠ᠃ ᠠᠯᠪᠠᠨ ᠵᠢᠷᠤᠮ ᠤᠨ ᠡᠮᠴᠢᠯᠡᠭᠡ ᠪᠠ ᠦᠰᠦ ᠵᠠᠰᠠᠬᠤ ᠭᠠᠵᠠᠷ ᠨᠢ ᠣᠯᠠᠨ ᠲᠦᠮᠡᠨ ᠳᠤ ᠦᠨᠡᠨ ᠪᠣᠳᠠᠲᠠᠶ ᠦᠢᠯᠡᠴᠢᠯᠡᠭᠡ ᠬᠠᠩᠭᠠᠵᠤ᠂ ᠬᠠᠶᠢᠷ᠎ᠠ ᠬᠠᠯᠠᠮᠵᠢ ᠶᠢ ᠰᠠᠭᠤᠭᠠᠯᠢ ᠠᠷᠠᠳ ᠤᠨ ᠰᠡᠳᠬᠢᠯ ᠳᠤ ᠬᠦᠷᠭᠡᠪᠡ᠃ ᠠᠵᠢᠯᠯᠠᠭ᠎ᠠ ᠳᠤ ᠪᠠᠰᠠ ᠪᠣᠳᠠᠰ ᠤᠨ ᠪᠤᠰᠤ ᠰᠣᠶᠣᠯ ᠤᠨ ᠥᠪ ᠤᠨ ᠲᠤᠷᠰᠢᠯᠲᠠ ᠬᠢᠵᠦ᠂ ᠢᠯᠠᠩᠭᠤᠶ᠎ᠠ ︽ᠴᠠᠭᠠᠰᠤᠨ ᠬᠠᠶᠢᠴᠢᠯᠠᠮᠠᠯ︾᠎ ᠤᠨ ᠪᠣᠳᠠᠰ ᠤᠨ ᠪᠤᠰᠤ ᠰᠣᠶᠣᠯ ᠤᠨ ᠥᠪ ᠤᠨ ᠣᠶᠢᠯᠠᠭᠠᠯᠲᠠ ᠨᠢ ᠮᠠᠰᠢ ᠣᠯᠠᠨ ᠪᠢᠴᠢᠬᠠᠨ ᠨᠠᠶᠢᠵᠠ ᠨᠠᠷ ᠤᠨ ᠠᠩᠬᠠᠷᠤᠯ ᠢ ᠲᠠᠲᠠᠵᠤ᠂ ᠲᠡᠳᠡ ᠨᠢᠭᠡᠳ ᠨᠢᠭᠡ ᠪᠠᠷ ᠬᠠᠶᠢᠴᠢ ᠪᠠᠷᠢᠵᠤ᠂ ᠪᠡᠶ᠎ᠡ ᠪᠠᠷ ᠢᠶᠠᠨ ᠲᠡᠮᠲᠡᠷᠢᠨ ᠦᠢᠯᠡᠳᠦᠯᠭᠡᠵᠢᠭᠦᠯᠵᠦ᠂ ᠥᠪᠡᠷ ᠤᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠢᠶᠠᠨ ᠣᠯᠵᠤ ᠦᠵᠡᠭᠡᠳ ᠰᠡᠳᠬᠢᠯ ᠳᠦᠭᠦᠷᠡᠩ ᠪᠠᠶᠢᠯ᠎ᠠ᠃ ᠪᠣᠯᠪᠠᠰᠤᠨ ᠴᠤᠭᠯᠠᠭ᠎ᠠ ᠮᠠᠶᠢᠮᠠᠢ ᠨᠢ ︽ᠴᠤᠭᠯᠠᠭ᠎ᠠ ᠮᠠᠶᠢᠮᠠᠢ ᠳᠤ ᠪᠤᠴᠠᠬᠤ︾ ᠬᠡᠯᠪᠡᠷᠢ ᠪᠠᠷ ᠤᠯᠠᠨ ᠲᠦᠮᠡᠨ ᠳᠤ ᠨᠢᠭᠡ ᠴᠣᠭᠴᠠ᠂ ᠤᠯᠠᠨ ᠶᠠᠩᠵᠤ ᠶᠢᠨ ᠪᠣᠯᠪᠠᠰᠤᠨ ᠤ ᠦᠢᠯᠡᠳᠦᠯᠭᠡ ᠶᠢᠨ ᠬᠠᠮ ︽ᠢᠵᠢ ᠬᠤᠭᠤᠯᠠ︾ ᠬᠠᠩᠭᠠᠵᠤ᠂ ᠤᠯᠠᠨ ᠲᠦᠮᠡᠨ ᠳᠤ ︽ᠭᠡᠷ ᠤᠨ ᠡᠭᠦᠳᠡ︾᠎ ᠶᠢᠨ ᠳᠣᠲᠣᠨᠣ ᠦᠢᠯᠡᠴᠢᠯᠡᠭᠡ ᠬᠠᠩᠭᠠᠪᠠ᠃      ᠬᠤᠶᠢᠰᠢᠳᠠ᠂ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠦᠷᠭᠦᠯᠵᠢᠯᠡᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠠᠵᠢᠯᠯᠠᠭ᠎ᠠ ᠶᠢᠨ ᠠᠭᠤᠯᠭ᠎ᠠ ᠶᠢ ᠨᠠᠷᠢᠨ ᠨᠢᠮᠪᠠᠢ ᠲᠥᠯᠥᠪᠯᠡᠵᠦ᠂ ᠡᠯ᠎ᠡ ᠲᠦᠷᠦᠯ ᠤᠨ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠠᠷᠠᠳ ᠲᠤ ᠲᠦᠬᠦᠮ ᠦᠵᠡᠭᠦᠯᠬᠦ᠂ ᠠᠷᠠᠳ ᠲᠤ ᠠᠰᠢᠭᠲᠠᠢ᠂ ᠠᠷᠠᠳ ᠲᠤ ᠠᠰᠢᠭ ᠬᠦᠷᠲᠡᠭᠡᠬᠦ ᠨᠡᠩ ᠤᠯᠠᠨ ᠦᠢᠯᠡᠴᠢᠯᠡᠭᠡᠨ ᠤ ᠠᠭᠤᠯᠭ᠎ᠠ ᠶᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠠᠭᠤᠰᠤᠯᠴᠠᠭᠤᠯᠵᠤ᠂ ᠦᠢᠯᠡᠴᠢᠯᠡᠭᠡ ᠶᠢ ᠰᠠᠶᠢᠲᠤᠷ ᠬᠢᠵᠦ᠂ ᠲᠦᠷᠦᠯ ᠲᠡᠮᠳᠡᠭ ᠢ ᠰᠠᠶᠢᠲᠤᠷ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠲᠦᠭ ᠲᠦᠮᠡᠨ ᠠᠶᠢᠯ ᠡᠷᠦᠬᠡ ᠳᠤ ᠦᠯᠢᠶᠡᠨ ᠣᠷᠣᠭᠤᠯᠤᠨ᠎ᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3