ᠰᠠᠶᠢᠬᠤᠰᠤ ᠪᠠᠯᠭᠠᠰᠤ 2024 ᠣᠨ ᠤ ᠦᠶᠡᠷ ᠢ ᠰᠡᠷᠭᠡᠶᠢᠯᠡᠬᠦ ᠰᠣᠷᠢᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/7/23
     2024 ᠣᠨ ᠤ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠤᠨ ᠰᠢᠨᠵᠢᠯᠡᠬᠦ ᠤᠬᠠᠭᠠᠨᠴᠢ ᠴᠢᠨᠠᠷ᠂ ᠪᠣᠳᠠᠲᠤ ᠳᠠᠶᠢᠨ ᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠥᠬᠦ ᠲᠠᠯ᠎ᠠ ᠪᠠᠷ ᠰᠢᠯᠭᠠᠨ ᠪᠠᠶᠢᠴᠠᠭᠠᠵᠤ᠂ ᠺᠠᠳ᠋ᠷ ᠣᠯᠠᠨ ᠲᠦᠮᠡᠨ ᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ ᠰᠢᠷᠦᠭᠦᠨ ᠪᠣᠷᠣᠭᠠᠨ᠂ ᠠᠭᠤᠯᠠᠨ ᠦᠶᠡᠷ ᠵᠡᠷᠭᠡ ᠪᠠᠶᠢᠭᠠᠯᠢ ᠶᠢᠨ ᠭᠠᠮᠰᠢᠭ ᠲᠤ ᠤᠴᠠᠷᠠᠬᠤ ᠦᠶ᠎ᠡ ᠳᠤ ᠲᠦᠷᠭᠡᠨ ᠪᠥᠭᠡᠳ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 7 ᠰᠠᠷ᠎ᠠ ᠶᠢᠨ 22᠎ ᠤᠨ ᠡᠳᠦᠷ᠂ ᠰᠠᠶᠢᠬᠤᠰᠤ ᠪᠠᠯᠭᠠᠰᠤ 2024 ᠣᠨ ᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠴᠢᠮ ᠪᠠᠶᠢᠳᠠᠯ ᠢ ᠠᠷᠭᠠᠴᠠᠭᠠᠬᠤ ᠠᠶᠤᠯ ᠠᠴᠠ ᠠᠪᠤᠷᠠᠬᠤ ᠠᠩᠭᠢ ᠶᠢᠨ ᠭᠡᠰᠢᠭᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠲᠣᠰ ᠤᠳᠠᠭᠠᠨ ᠤ ᠰᠣᠷᠢᠯᠲᠠ ᠳᠤ ᠣᠷᠣᠯᠴᠠᠪᠠ᠃      ᠰᠣᠷᠢᠯᠲᠠ ᠶᠢᠨ ᠶᠠᠪᠤᠴᠠ ᠳᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠦᠳᠲᠡᠷ ᠲᠦᠷᠭᠡᠨ ᠴᠤᠭᠯᠠᠷᠠᠵᠤ᠂ ᠰᠣᠷᠢᠯᠲᠠ ᠶᠢᠨ ᠶᠡᠷᠦᠩᠬᠡᠢ ᠵᠢᠯᠤᠭᠤᠳᠤᠭᠴᠢ ᠶᠢᠨ ᠨᠢᠭᠡᠳᠦᠯᠲᠡᠢ ᠵᠢᠯᠤᠭᠤᠳᠤᠯᠭ᠎ᠠ ᠳᠣᠣᠷ᠎ᠠ᠂ ᠰᠣᠷᠢᠯᠲᠠ ᠳᠤ ᠣᠷᠣᠯᠴᠠᠭᠰᠠᠨ ᠡᠯ᠎ᠡ ᠬᠥᠮᠦᠰ ᠨᠢᠭᠲᠠ ᠬᠠᠮᠵᠢᠯᠴᠠᠵᠤ᠂ ᠥᠨᠳᠥᠷ ᠪᠦᠲᠦᠮᠵᠢᠲᠡᠢ ᠪᠠᠶᠢᠵᠤ᠂ ᠪᠦᠬᠦ ᠶᠠᠪᠤᠴᠠ ᠶᠢᠨ ᠰᠣᠷᠢᠯᠲᠠ᠂ ᠪᠦᠬᠦ ᠡᠯᠧᠮᠧᠨ᠋ᠲ ᠤᠨ ᠲᠤᠬᠢᠷᠠᠭᠤᠯᠤᠯᠳᠠ᠂ ᠪᠦᠬᠦ ᠬᠡᠯᠬᠢᠶ᠎ᠡ ᠶᠢᠨ ᠪᠣᠳᠠᠲᠠᠢ ᠠᠵᠢᠯᠯᠠᠭ᠎ᠠ ᠪᠠᠷ ᠳᠠᠮᠵᠢᠭᠤᠯᠵᠤ᠂ ᠲᠦᠭᠰᠢᠭᠦᠷᠢᠲᠦ ᠪᠠᠶᠢᠳᠠᠯ ᠢ ᠲᠦᠷᠭᠡᠨ ᠳᠡᠭᠡᠭᠰᠢ ᠴᠠᠭ ᠲᠤᠬᠠᠢ ᠳᠤᠨᠢ ᠮᠡᠳᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠯ ᠢ ᠲᠦᠷᠭᠡᠨ ᠪᠣᠳᠠᠲᠠᠶᠢᠵᠢᠭᠤᠯᠵᠤ᠂ ᠬᠥᠮᠦᠰ ᠢ ᠵᠠᠶᠢᠯᠠᠭᠤᠯᠤᠨ ᠡᠮᠬᠢ ᠳᠢᠭᠯᠢᠮ ᠲᠠᠢ ᠪᠠᠶᠢᠯᠭᠠᠵᠤ᠂ ᠭᠠᠮᠰᠢᠭ ᠠᠴᠠ ᠠᠪᠤᠷᠠᠵᠤ ᠲᠥᠪᠬᠢᠨᠡᠭᠦᠯᠬᠦ ᠠᠵᠢᠯ ᠢ ᠯᠠᠪᠳᠠᠭᠤᠨ ᠪᠠᠲᠤᠲᠠᠢ ᠥᠨᠳᠥᠷ ᠪᠦᠲᠦᠮᠵᠢᠲᠡᠢ ᠪᠣᠯᠭᠠᠪᠠ᠃      ᠲᠣᠰ ᠤᠳᠠᠭᠠᠨ ᠤ ᠰᠣᠷᠢᠯᠲᠠ ᠪᠠᠷ ᠳᠡᠮᠵᠢᠨ᠂ ᠪᠥᠬᠦ ᠪᠠᠯᠭᠠᠰᠤᠨ ᠤ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠪᠠᠯᠭᠠᠰᠤ᠂ ᠲᠣᠰᠬᠤᠨ ᠬᠤᠶᠠᠷ ᠱᠠᠲᠤᠨ ᠤ ᠺᠠᠳ᠋ᠷ ᠤᠨ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢᠨ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠭᠠᠮᠰᠢᠭ ᠢ ᠰᠡᠷᠭᠡᠶᠢᠯᠡᠬᠦ᠂ ᠭᠠᠮᠰᠢᠭ ᠠᠴᠠ ᠵᠠᠶᠢᠯᠠᠬᠤ᠂ ᠭᠠᠮᠰᠢᠭ ᠢ ᠪᠠᠭᠠᠰᠬᠠᠬᠤ ᠤᠬᠠᠮᠰᠠᠷ ᠢ ᠨᠡᠮᠡᠭᠳᠡᠭᠦᠯᠦᠨ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠳᠠᠲᠤ ᠲᠡᠶᠢᠨ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠪᠡᠯᠡᠳᠬᠡᠯ ᠲᠥᠰᠦᠯ ᠢ ᠰᠢᠯᠭᠠᠨ ᠪᠠᠶᠢᠴᠠᠭᠠᠬᠤ᠂ ᠡᠩᠨᠡᠭᠡ ᠶᠢ ᠳᠠᠪᠲᠠᠨ ᠪᠣᠯᠪᠠᠰᠤᠷᠠᠭᠤᠯᠬᠤ᠂ ᠲᠣᠭᠲᠠᠴᠠ ᠶᠢ ᠨᠢᠭᠡᠳᠬᠡᠬᠦ ᠵᠣᠷᠢᠯᠭ᠎ᠠ ᠳᠤ ᠦᠨᠡᠨ ᠬᠦ ᠭᠦᠷᠭᠡᠭᠰᠡᠨ ᠪᠠᠶᠢᠨ᠎ᠠ᠃      ᠰᠠᠶᠢᠬᠤᠰᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳ᠋ᠦᠩᠨᠡᠯᠲᠡ ᠶᠢᠨ ᠶᠠᠷᠢᠶ᠎ᠠ ᠲᠠᠯᠪᠢᠬᠤ ᠶᠢᠨ ᠬᠠᠮᠲᠤ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠲᠦᠢᠯ ᠤᠨ ᠴᠠᠭ ᠠᠭᠤᠷ ᠨᠡᠮᠡᠭᠳᠡᠵᠦ᠂ ᠰᠠᠶᠢᠬᠤᠰᠤ ᠪᠠᠯᠭᠠᠰᠤ ᠴᠤ ᠣᠶᠢᠷ᠎ᠠ ᠶᠢᠨ ᠬᠤᠭᠤᠴᠠᠭᠠᠨ ᠳᠤ ᠰᠢᠷᠦᠭᠦᠨ ᠪᠣᠷᠣᠭᠠᠨ ᠵᠡᠷᠭᠡ ᠪᠠᠶᠢᠭᠠᠯᠢ ᠶᠢᠨ ᠭᠠᠮᠰᠢᠭ ᠲᠤ ᠳᠠᠭᠠᠷᠢᠭᠳᠠᠵᠤ᠂ ᠬᠠᠷᠢᠶᠠᠲᠤ ᠣᠷᠣᠨ ᠳᠤ ᠠᠶᠤᠯᠲᠠᠶ ᠪᠠᠷᠢᠯᠭ᠎ᠠ ᠶᠢᠨ ᠠᠶᠤᠯᠲᠠᠶ ᠬᠡᠰᠡᠭ ᠣᠯᠠᠨ ᠣᠷᠣᠰᠢᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠶ ᠰᠦᠷᠳᠡᠭᠦᠯᠵᠦ᠂ ᠦᠶᠡᠷ ᠢ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ ᠨᠣᠴᠢᠲᠠᠶ ᠪᠠᠶᠢᠨ᠎ᠠ᠃ ᠪᠦᠬᠦ ᠪᠠᠯᠭᠠᠰᠤ᠂ ᠲᠣᠰᠬᠤᠨ ᠤ ᠺᠠᠳ᠋ᠷᠴᠤᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠨᠡ ᠵᠢᠯ ᠤᠨ ᠦᠶᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠦᠶᠡᠷ ᠤᠨ ᠪᠠᠶᠢᠳᠠᠯ ᠳᠤ ᠲᠦᠷ ᠴᠠᠭ ᠢᠷᠡᠵᠦ᠂ ᠠᠶᠤᠯ ᠲᠦᠭᠰᠢᠭᠦᠷᠢ ᠲᠠᠢ ᠦᠶ᠎ᠡ ᠳᠤ ᠡᠮᠬᠢ ᠵᠠᠮᠪᠠᠷᠠᠭ᠎ᠠ ᠦᠭᠡᠢ ᠪᠠᠶᠢᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨᠴᠢ ᠪᠠᠷ ᠠᠷᠭᠠᠴᠠᠭᠠᠵᠤ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠷᠠᠳ ᠤᠯᠠᠨ ᠤ ᠠᠮᠤᠷ ᠲᠠᠶᠢᠪᠤᠩ ᠠᠵᠤ ᠲᠦᠷᠦᠭᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3