ᠣᠯᠠᠨ ᠨᠡᠶᠢᠲᠡ ᠶᠢᠨ ᠢᠳᠡᠭᠡᠨ ᠤ ᠠᠮᠤᠷ ᠲᠦᠪᠰᠢᠨ ᠤ ᠲᠤᠬᠠᠶ ᠠᠩᠬᠠᠷᠤᠯ ᠳᠤ ᠢᠳᠡᠪᠬᠢᠲᠡᠶ ᠬᠠᠷᠢᠭᠤᠯᠲᠠ | ᠥᠭᠴᠦ᠂ ᠣᠯᠠᠨ ᠨᠡᠶᠢᠲᠡ ᠶᠢᠨ ᠢᠳᠡᠭᠡᠨ ᠤ ᠠᠮᠤᠷ ᠲᠦᠪᠰᠢᠨ ᠳᠤ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠬᠦ ᠶᠢᠨ | ᠲᠥᠯᠥᠭᠡ᠂ ᠣᠶᠢᠷ᠎ᠠ ᠳᠤ᠂ ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠰᠤᠮᠤ ᠱᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠳᠤ ︽ᠲᠠ ᠵᠠᠬᠢᠶᠠᠯᠠᠪᠠᠯ ᠪᠢ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ︾ ᠦᠵᠡᠮᠵᠢ ᠶᠢᠨ ᠣᠷᠣᠨ ᠳᠤ ᠣᠷᠣᠬᠤ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 46 ᠬᠤᠪᠢ ᠪᠠᠶᠢᠴᠠᠭᠠᠯᠲᠠ ᠶᠢᠨ ᠠᠰᠠᠭᠤᠯᠲᠠ ᠶᠢᠨ | ᠬᠠᠭᠤᠳᠠᠰᠤ ᠲᠠᠷᠬᠠᠭᠠᠵᠤ᠂ ᠣᠯᠠᠨ ᠲᠦᠮᠡᠨ ᠤ ᠰᠠᠨᠠᠯ ᠢ 23 ᠵᠤᠷᠪᠤᠰ ᠴᠤᠭᠯᠠᠭᠤᠯᠵᠤ᠂ 17 ᠪᠦᠯᠦᠭ ᠢᠳᠡᠭᠡᠨ ᠢ | ᠪᠠᠶᠢᠴᠠᠭᠠᠨ ᠰᠢᠯᠭᠠᠵᠤ᠂ 16 ᠪᠦᠯᠦᠭ ᠬᠢᠷᠢ ᠲᠡᠩᠴᠡᠭᠰᠡᠨ᠂ 1 ᠪᠦᠯᠦᠭ ᠤᠳᠠᠭ᠎ᠠ ᠬᠤᠭᠤᠯᠠᠨ ᠤ ᠰᠠᠪᠠ | ᠬᠡᠷᠡᠭᠰᠡᠯ ᠨᠢ ᠬᠢᠷᠢ ᠲᠡᠩᠴᠡᠭᠰᠡᠨ ᠥᠬᠡᠶ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ | ᠬᠥᠭᠵᠢᠶᠡᠨ ᠲᠠᠢ ᠪᠠᠶᠢᠵᠤ᠂ ᠤᠯᠠᠨ ᠲᠦᠮᠡᠨ ᠤ ᠣᠷᠣᠯᠴᠠᠬᠤ ᠬᠡᠮᠵᠢᠶ᠎ᠡ ᠥᠨᠳᠥᠷ ᠪᠠᠶᠢᠵᠤ᠂ ᠨᠡᠶᠢᠭᠡᠮ ᠤᠨ ᠰᠠᠶᠢᠨ | ᠦᠷ᠎ᠡ ᠪᠦᠲᠦᠮᠵᠢ ᠣᠯᠵᠠᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠨᠠᠰᠢ ᠴᠠᠰᠢ ᠶᠠᠪᠤᠵᠤ ᠪᠠᠶᠢᠭ᠎ᠠ ᠤᠯᠠᠨ | ᠲᠦᠮᠡᠨ ᠳᠤ ᠪᠠᠶᠢᠴᠠᠭᠠᠯᠲᠠ ᠶᠢᠨ ᠬᠠᠭᠤᠳᠠᠰᠤ ᠲᠠᠷᠬᠠᠭᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠢᠳᠡᠭᠡᠨ ᠤ | ᠲᠦᠷᠦᠯ ᠵᠦᠢᠯ ᠪᠣᠯᠤᠨ ᠪᠠᠶᠢᠴᠠᠭᠠᠨ ᠰᠢᠯᠭᠠᠬᠤ ᠲᠦᠷᠦᠯ ᠵᠦᠢᠯ ᠢ ᠥᠷᠭᠡᠨ ᠢᠶᠠᠷ ᠴᠤᠭᠯᠠᠭᠤᠯᠪᠠ᠃ ᠣᠯᠠᠨ ᠲᠦᠮᠡᠨ | ᠢᠳᠡᠪᠬᠢᠲᠡᠢ ᠣᠷᠣᠯᠴᠠᠵᠠᠢ᠃ | ᠲᠤᠬᠠᠶ ᠶᠢᠨ ᠲᠠᠯᠠᠪᠠᠶ ᠳᠤ ᠪᠠᠶᠢᠴᠠᠭᠠᠨ ᠰᠢᠯᠭᠠᠬᠤ ᠲᠥᠬᠦᠭᠡᠷᠦᠮᠵᠢ ᠪᠠ ᠮᠡᠷᠭᠡᠵᠢᠯ ᠤᠨ ᠠᠵᠢᠯᠲᠠᠨ | ᠲᠣᠬᠢᠷᠠᠭᠤᠯᠵᠤ᠂ ᠣᠯᠠᠨ ᠲᠦᠮᠡᠨ ᠤ ᠬᠦᠷᠭᠡᠵᠦ ᠢᠷᠡᠭᠰᠡᠨ ᠢᠳᠡᠭᠡᠨ ᠳᠤ ᠰᠦᠢᠳᠬᠡᠯ ᠬᠤᠷᠢᠶᠠᠬᠤ ᠥᠬᠡᠶ ᠪᠠᠷ | ᠲᠦᠷᠭᠡᠨ ᠪᠠᠶᠢᠴᠠᠭᠠᠨ ᠬᠡᠮᠵᠢᠯᠲᠡ ᠬᠢᠪᠠ᠃ ᠪᠠᠶᠢᠴᠠᠭᠠᠨ ᠰᠢᠯᠭᠠᠬᠤ ᠲᠥᠷᠥᠯ ᠵᠦᠢᠯ ᠳᠤ ᠲᠠᠷᠢᠶᠠᠨ ᠡᠮ ᠤᠨ | ᠦᠯᠡᠳᠡᠭᠳᠡᠯ᠂ ᠢᠳᠡᠭᠡᠨ ᠤ ᠨᠡᠮᠡᠯᠲᠡ ᠡᠳ᠋ ᠵᠡᠷᠭᠡ ᠶᠢ ᠪᠠᠭᠲᠠᠭᠠᠨ᠎ᠠ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ | ᠲᠡᠷᠡ ᠳᠠᠷᠤᠶ ᠳᠤᠨᠢ ᠨᠡᠶᠢᠲᠡᠯᠡᠵᠦ᠂ ᠪᠠᠶᠢᠴᠠᠭᠠᠨ ᠰᠢᠯᠭᠠᠬᠤ ᠳᠤ ᠬᠦᠷᠭᠡᠭᠰᠡᠨ ᠢᠳᠡᠭᠡᠨ ᠤ ᠠᠮᠤᠷ ᠲᠦᠪᠰᠢᠨ ᠤ | ᠪᠠᠶᠢᠳᠠᠯ ᠢ ᠣᠯᠠᠨ ᠲᠦᠮᠡᠨ ᠳᠤ ᠲᠡᠷᠡ ᠳᠠᠷᠤᠶ ᠳᠤᠨᠢ ᠣᠶᠢᠯᠠᠭᠠᠭᠤᠯᠤᠨ᠎ᠠ᠃ ᠡᠭᠦᠨ ᠤ ᠬᠠᠮᠲᠤ ᠪᠠᠰᠠ ᠣᠯᠠᠨ | ᠲᠦᠮᠡᠨ ᠳᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠢᠳᠡᠭᠡᠨ ᠤ ᠠᠮᠤᠷ | ᠲᠦᠪᠰᠢᠨ ᠤ ᠮᠡᠳᠡᠯᠭᠡ ᠪᠠ ᠢᠳᠡᠭᠡᠨ ᠢ ᠰᠣᠩᠭᠤᠨ ᠠᠪᠬᠤ ᠳᠤ ᠠᠩᠬᠠᠷᠬᠤ ᠵᠦᠢᠯᠡᠰ ᠢ ᠲᠠᠶᠢᠯᠪᠤᠷᠢᠯᠠᠵᠤ᠂ ᠣᠯᠠᠨ | ᠲᠦᠮᠡᠨ ᠤ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠪᠡ᠃ | ᠳᠠᠷᠠᠭᠠᠴᠢ ᠶᠢᠨ ᠠᠯᠬᠤᠮ ᠳᠤ᠂ ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ︽ᠲᠠ ᠵᠠᠬᠢᠶᠠᠯᠠᠪᠠᠯ ᠪᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠠᠵᠢᠯᠯᠠᠭ᠎ᠠ ᠶᠢ ᠪᠠᠶᠢᠩᠭᠤᠵᠢᠭᠤᠯᠵᠤ᠂ ᠳᠦᠷᠢᠮᠵᠢᠭᠦᠯᠵᠦ᠂ ᠠᠵᠢᠯᠯᠠᠭ᠎ᠠ ᠶᠢᠨ ᠬᠠᠮᠤᠷᠬᠤ | ᠬᠡᠪᠴᠢᠶ᠎ᠡ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠵᠦ᠂ ᠨᠡᠩ ᠤᠯᠠᠨ ᠤᠯᠠᠨ ᠲᠦᠮᠡᠨ ᠢ | ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠬᠤ ᠪᠣᠯᠤᠨ᠎ᠠ᠃ | | | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | | |