ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠲᠠ ᠵᠠᠬᠢᠶᠠᠯᠠᠪᠠᠯ ᠪᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠡ︾ ᠭᠡᠬᠦ ᠦᠵᠡᠮᠵᠢ ᠶᠢᠨ ᠣᠷᠣᠨ ᠳᠤ ᠣᠷᠣᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/24
     ᠣᠯᠠᠨ ᠨᠡᠶᠢᠲᠡ ᠶᠢᠨ ᠢᠳᠡᠭᠡᠨ ᠤ ᠠᠮᠤᠷ ᠲᠦᠪᠰᠢᠨ ᠤ ᠲᠤᠬᠠᠶ ᠠᠩᠬᠠᠷᠤᠯ ᠳᠤ ᠢᠳᠡᠪᠬᠢᠲᠡᠶ ᠬᠠᠷᠢᠭᠤᠯᠲᠠ ᠥᠭᠴᠦ᠂ ᠣᠯᠠᠨ ᠨᠡᠶᠢᠲᠡ ᠶᠢᠨ ᠢᠳᠡᠭᠡᠨ ᠤ ᠠᠮᠤᠷ ᠲᠦᠪᠰᠢᠨ ᠳᠤ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠬᠦ ᠶᠢᠨ ᠲᠥᠯᠥᠭᠡ᠂ ᠣᠶᠢᠷ᠎ᠠ ᠳᠤ᠂ ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠮᠤ ᠱᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠳᠤ ︽ᠲᠠ ᠵᠠᠬᠢᠶᠠᠯᠠᠪᠠᠯ ᠪᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠦᠵᠡᠮᠵᠢ ᠶᠢᠨ ᠣᠷᠣᠨ ᠳᠤ ᠣᠷᠣᠬᠤ ᠠᠵᠢᠯᠯᠠᠭ᠎ᠠ ᠥᠷᠨᠢᠭᠦᠯᠪᠡ᠃      ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 46 ᠬᠤᠪᠢ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠵᠤ᠂ ᠣᠯᠠᠨ ᠲᠦᠮᠡᠨ ᠤ ᠰᠠᠨᠠᠯ ᠢ 23 ᠵᠤᠷᠪᠤᠰ ᠴᠤᠭᠯᠠᠭᠤᠯᠵᠤ᠂ 17 ᠪᠦᠯᠦᠭ ᠢᠳᠡᠭᠡᠨ ᠢ ᠪᠠᠶᠢᠴᠠᠭᠠᠨ ᠰᠢᠯᠭᠠᠵᠤ᠂ 16 ᠪᠦᠯᠦᠭ ᠬᠢᠷᠢ ᠲᠡᠩᠴᠡᠭᠰᠡᠨ᠂ 1 ᠪᠦᠯᠦᠭ ᠤᠳᠠᠭ᠎ᠠ ᠬᠤᠭᠤᠯᠠᠨ ᠤ ᠰᠠᠪᠠ ᠬᠡᠷᠡᠭᠰᠡᠯ ᠨᠢ ᠬᠢᠷᠢ ᠲᠡᠩᠴᠡᠭᠰᠡᠨ ᠥᠬᠡᠶ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠤᠯᠠᠨ ᠲᠦᠮᠡᠨ ᠤ ᠣᠷᠣᠯᠴᠠᠬᠤ ᠬᠡᠮᠵᠢᠶ᠎ᠡ ᠥᠨᠳᠥᠷ ᠪᠠᠶᠢᠵᠤ᠂ ᠨᠡᠶᠢᠭᠡᠮ ᠤᠨ ᠰᠠᠶᠢᠨ ᠦᠷ᠎ᠡ ᠪᠦᠲᠦᠮᠵᠢ ᠣᠯᠵᠠᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠨᠠᠰᠢ ᠴᠠᠰᠢ ᠶᠠᠪᠤᠵᠤ ᠪᠠᠶᠢᠭ᠎ᠠ ᠤᠯᠠᠨ ᠲᠦᠮᠡᠨ ᠳᠤ ᠪᠠᠶᠢᠴᠠᠭᠠᠯᠲᠠ ᠶᠢᠨ ᠬᠠᠭᠤᠳᠠᠰᠤ ᠲᠠᠷᠬᠠᠭᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠢᠳᠡᠭᠡᠨ ᠤ ᠲᠦᠷᠦᠯ ᠵᠦᠢᠯ ᠪᠣᠯᠤᠨ ᠪᠠᠶᠢᠴᠠᠭᠠᠨ ᠰᠢᠯᠭᠠᠬᠤ ᠲᠦᠷᠦᠯ ᠵᠦᠢᠯ ᠢ ᠥᠷᠭᠡᠨ ᠢᠶᠠᠷ ᠴᠤᠭᠯᠠᠭᠤᠯᠪᠠ᠃ ᠣᠯᠠᠨ ᠲᠦᠮᠡᠨ ᠢᠳᠡᠪᠬᠢᠲᠡᠢ ᠣᠷᠣᠯᠴᠠᠵᠠᠢ᠃      ᠲᠤᠬᠠᠶ ᠶᠢᠨ ᠲᠠᠯᠠᠪᠠᠶ ᠳᠤ ᠪᠠᠶᠢᠴᠠᠭᠠᠨ ᠰᠢᠯᠭᠠᠬᠤ ᠲᠥᠬᠦᠭᠡᠷᠦᠮᠵᠢ ᠪᠠ ᠮᠡᠷᠭᠡᠵᠢᠯ ᠤᠨ ᠠᠵᠢᠯᠲᠠᠨ ᠲᠣᠬᠢᠷᠠᠭᠤᠯᠵᠤ᠂ ᠣᠯᠠᠨ ᠲᠦᠮᠡᠨ ᠤ ᠬᠦᠷᠭᠡᠵᠦ ᠢᠷᠡᠭᠰᠡᠨ ᠢᠳᠡᠭᠡᠨ ᠳᠤ ᠰᠦᠢᠳᠬᠡᠯ ᠬᠤᠷᠢᠶᠠᠬᠤ ᠥᠬᠡᠶ ᠪᠠᠷ ᠲᠦᠷᠭᠡᠨ ᠪᠠᠶᠢᠴᠠᠭᠠᠨ ᠬᠡᠮᠵᠢᠯᠲᠡ ᠬᠢᠪᠠ᠃ ᠪᠠᠶᠢᠴᠠᠭᠠᠨ ᠰᠢᠯᠭᠠᠬᠤ ᠲᠥᠷᠥᠯ ᠵᠦᠢᠯ ᠳᠤ ᠲᠠᠷᠢᠶᠠᠨ ᠡᠮ ᠤᠨ ᠦᠯᠡᠳᠡᠭᠳᠡᠯ᠂ ᠢᠳᠡᠭᠡᠨ ᠤ ᠨᠡᠮᠡᠯᠲᠡ ᠡᠳ᠋ ᠵᠡᠷᠭᠡ ᠶᠢ ᠪᠠᠭᠲᠠᠭᠠᠨ᠎ᠠ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠲᠡᠷᠡ ᠳᠠᠷᠤᠶ ᠳᠤᠨᠢ ᠨᠡᠶᠢᠲᠡᠯᠡᠵᠦ᠂ ᠪᠠᠶᠢᠴᠠᠭᠠᠨ ᠰᠢᠯᠭᠠᠬᠤ ᠳᠤ ᠬᠦᠷᠭᠡᠭᠰᠡᠨ ᠢᠳᠡᠭᠡᠨ ᠤ ᠠᠮᠤᠷ ᠲᠦᠪᠰᠢᠨ ᠤ ᠪᠠᠶᠢᠳᠠᠯ ᠢ ᠣᠯᠠᠨ ᠲᠦᠮᠡᠨ ᠳᠤ ᠲᠡᠷᠡ ᠳᠠᠷᠤᠶ ᠳᠤᠨᠢ ᠣᠶᠢᠯᠠᠭᠠᠭᠤᠯᠤᠨ᠎ᠠ᠃ ᠡᠭᠦᠨ ᠤ ᠬᠠᠮᠲᠤ ᠪᠠᠰᠠ ᠣᠯᠠᠨ ᠲᠦᠮᠡᠨ ᠳᠤ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠢᠳᠡᠭᠡᠨ ᠤ ᠠᠮᠤᠷ ᠲᠦᠪᠰᠢᠨ ᠤ ᠮᠡᠳᠡᠯᠭᠡ ᠪᠠ ᠢᠳᠡᠭᠡᠨ ᠢ ᠰᠣᠩᠭᠤᠨ ᠠᠪᠬᠤ ᠳᠤ ᠠᠩᠬᠠᠷᠬᠤ ᠵᠦᠢᠯᠡᠰ ᠢ ᠲᠠᠶᠢᠯᠪᠤᠷᠢᠯᠠᠵᠤ᠂ ᠣᠯᠠᠨ ᠲᠦᠮᠡᠨ ᠤ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃      ᠳᠠᠷᠠᠭᠠᠴᠢ ᠶᠢᠨ ᠠᠯᠬᠤᠮ ᠳᠤ᠂ ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠲᠠ ᠵᠠᠬᠢᠶᠠᠯᠠᠪᠠᠯ ᠪᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠢᠯᠯᠠᠭ᠎ᠠ ᠶᠢ ᠪᠠᠶᠢᠩᠭᠤᠵᠢᠭᠤᠯᠵᠤ᠂ ᠳᠦᠷᠢᠮᠵᠢᠭᠦᠯᠵᠦ᠂ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠵᠦ᠂ ᠨᠡᠩ ᠤᠯᠠᠨ ᠤᠯᠠᠨ ᠲᠦᠮᠡᠨ ᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠬᠤ ᠪᠣᠯᠤᠨ᠎ᠠ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ        
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3