ᠤᠯᠠᠭᠠᠨᠴᠠᠪ ᠬᠤᠲᠠ ᠶᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠳ᠋ᠢᠶᠠᠨ ᠽᠢ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/24
     7 ᠰᠠᠷ᠎ᠠ ᠶᠢᠨ 22 ᠤᠨ ᠡᠳᠦᠷ᠂ ᠤᠯᠠᠭᠠᠨᠴᠠᠪ ᠬᠤᠲᠠ ᠶᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠰᠢᠮᠳᠠᠭᠤᠯᠤᠨ ᠵᠢᠯᠣᠭᠤᠳᠬᠤ ᠳᠤᠭᠤᠶᠢᠯᠠᠩ ᠳ᠋ᠢᠶᠠᠨ ᠽᠢ ᠪᠠᠯᠭᠠᠰᠤᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠶᠢ ᠰᠢᠮᠳᠠᠭᠤᠯᠤᠨ ᠵᠢᠯᠣᠭᠤᠳᠬᠤ ᠠᠵᠢᠯ ᠥᠷᠨᠢᠭᠦᠯᠵᠦ᠂ ᠳ᠋ᠢᠶᠠᠨ ᠽᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠷ᠎ᠠ ᠪᠣᠯᠪᠠ᠃      ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠶᠠᠷᠢᠯᠴᠠᠨ ᠰᠣᠯᠢᠯᠴᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠠᠷᠭ᠎ᠠ ᠬᠡᠯᠪᠡᠷᠢ ᠪᠠᠷ ᠪᠥᠬᠦ ᠪᠠᠯᠭᠠᠰᠤᠨ ᠤ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠭᠰᠠᠨ᠂ ᠡᠳ᠋ ᠪᠣᠳᠠᠰ ᠨᠥᠭᠡᠴᠡᠯᠡᠬᠦ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ᠂ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠳ᠋ᠢᠶᠠᠨ ᠽᠢ ᠲᠣᠰᠬᠤᠨ᠂ ᠡᠯ᠎ᠡ ᠬᠤ᠋ ᠶᠣᠣ ᠲᠣᠰᠬᠤᠨ᠂ ᠸᠠᠩ ᠵᠢᠶᠠ ᠶᠢᠩ ᠲᠣᠰᠬᠤᠨ ᠵᠡᠷᠭᠡ ᠭᠠᠵᠠᠷ ᠲᠤ ᠬᠦᠷᠴᠦ᠂ ᠦᠶᠡᠷ ᠢ ᠰᠡᠷᠭᠡᠶᠢᠯᠡᠬᠦ ᠲᠣᠰᠬᠤᠨ ᠤ ᠬᠠᠰᠢᠯᠭ᠎ᠠ ᠶᠢ ᠪᠠᠶᠢᠭᠤᠯᠤᠭᠰᠠᠨ ᠪᠠᠶᠢᠳᠠᠯ ᠵᠢᠴᠢ ᠤᠰᠤᠨ ᠳᠤ ᠡᠪᠳᠡᠭᠳᠡᠭᠰᠡᠨ ᠵᠠᠮ ᠤᠨ ᠬᠡᠰᠡᠭ ᠤᠨ ᠤᠰᠤᠨ ᠤ ᠪᠠᠶᠢᠳᠠᠯ ᠲᠦᠭᠰᠢᠭᠦᠷᠢᠲᠦ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠥᠬᠦ ᠪᠠᠯᠭᠠᠰᠤᠨ ᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠳᠤ ᠪᠣᠳᠠᠲᠠᠶ ᠱᠠᠭᠠᠷᠳᠠᠯᠭ᠎ᠠ ᠪᠠ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃      ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠭᠤᠣᠯᠳᠠᠯᠭ᠎ᠠ ᠶᠢ ᠪᠠᠲᠤ ᠪᠤᠢ ᠪᠣᠯᠭᠠᠵᠤ᠂ ᠪᠣᠳᠠᠲᠤ ᠪᠠᠶᠢᠳᠠᠯ ᠢ ᠲᠣᠳᠣᠷᠬᠠᠢ ᠲᠠᠨᠢᠵᠤ᠂ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠬᠤ ᠬᠡᠷᠡᠭᠲᠡᠢ᠃ ᠮᠢᠨᠴᠦᠭᠦᠷᠡᠨ ᠲᠠᠶᠢᠪᠤᠰᠢᠷᠠᠬᠤ ᠭᠤᠷᠢᠳᠠᠬᠤ ᠪᠤᠳᠤᠯ ᠢ ᠡᠷᠡᠰ ᠲᠠᠶᠠᠭᠳᠠᠵᠤ᠂ ᠢᠳᠡᠪᠬᠢᠲᠡᠢ ᠰᠠᠨᠠᠭᠠᠴᠢᠯᠠᠭ᠎ᠠ ᠲᠠᠢ ᠪᠠᠶᠢᠵᠤ᠂ ᠡᠮᠦᠨ᠎ᠡ ᠨᠢ ᠵᠢᠳᠬᠦᠨ᠎ᠡ᠃ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠤᠬᠢᠷᠠᠭᠤᠯᠬᠤ ᠦᠭᠡᠢ ᠪᠠᠷ ᠦᠶᠡᠷ ᠢ ᠰᠡᠷᠭᠡᠶᠢᠯᠡᠬᠦ ᠠᠵᠢᠯ ᠤᠨ ︽ᠥᠨᠳᠥᠷ ᠳᠠᠷᠤᠯᠲᠠᠲᠤ ᠤᠲᠠᠰᠤ︾ ᠪᠣᠯᠭᠠᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃      ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠪᠥᠬᠦ ᠲᠠᠯ᠎ᠠ ᠪᠠᠷ ᠪᠠᠶᠢᠴᠠᠭᠠᠨ ᠵᠢᠭᠰᠠᠭᠠᠵᠤ᠂ ︽ᠲᠣᠰᠬᠤᠨ ᠢ ᠳᠠᠭᠠᠭᠠᠴᠢᠯᠠᠬᠤ᠂ ᠡᠷᠦᠬᠡ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ᠂ ᠲᠦᠭᠰᠢᠭᠦᠷᠢᠲᠦ ᠪᠠᠶᠢᠳᠠᠯ ᠢ ᠣᠯᠵᠤ ᠮᠡᠳᠡᠪᠡᠯ᠂ ᠠᠶᠤᠯᠲᠠᠶ ᠣᠷᠣᠨ ᠪᠦᠰᠡ ᠶᠢᠨ ᠣᠯᠠᠨ ᠲᠦᠮᠡᠨ ᠢ ᠰᠢᠯᠵᠢᠭᠦᠯᠦᠨ ᠠᠶᠤᠯ ᠠᠴᠠ ᠵᠠᠶᠢᠯᠠᠭᠤᠯᠬᠤ ᠶᠢ ᠡᠷᠡᠰ ᠰᠢᠭᠤᠷᠬᠠᠶ ᠵᠣᠬᠢᠶᠠᠨ ᠪᠠᠶᠢᠭᠤᠯᠬᠤ ᠬᠡᠷᠡᠭᠲᠡᠶ᠃    ᠳᠠᠷᠠᠭᠠᠴᠢ ᠶᠢᠨ ᠠᠯᠬᠤᠮ ᠳᠤ᠂ ᠳ᠋ᠢᠶᠠᠨ ᠽᠢ ᠪᠠᠯᠭᠠᠰᠤ ᠶᠢᠨ ᠬᠢᠨ ᠬᠢᠨᠠᠨ ᠵᠢᠯᠣᠭᠤᠳᠬᠤ ᠳᠤᠭᠤᠶᠢᠯᠠᠩ ᠤᠨ ᠪᠠᠶᠢᠴᠠᠭᠠᠬᠤ ᠦᠶ᠎ᠡ ᠳᠤ ᠢᠯᠡᠷᠡᠭᠦᠯᠦᠭᠰᠡᠨ ᠠᠰᠠᠭᠤᠳᠠᠯ ᠤᠨ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠵᠤ᠂ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠷᠲᠡ ᠢᠯᠡᠷᠡᠭᠦᠯᠵᠦ᠂ ᠡᠷᠲᠡ ᠰᠡᠷᠭᠡᠶᠢᠯᠡᠵᠦ᠂ ᠡᠷᠲᠡ ᠠᠶᠤᠯ ᠢ ᠠᠷᠢᠯᠭᠠᠵᠤ᠂ ᠠᠷᠠᠳ ᠤᠯᠠᠨ ᠤ ᠠᠮᠢ ᠨᠠᠰᠤ ᠪᠣᠯᠤᠨ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠨ᠎ᠠ           ᠵᠤᠬᠢᠶᠠᠭᠴᠢ᠄ ᠳ᠋ᠢᠶᠠᠨ ᠽᠢ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3