ᠠᠷᠠᠳ ᠤᠨ ᠲᠥᠯᠥᠭᠡ ᠵᠢᠳᠬᠦᠬᠦ ᠬᠠᠷᠢᠭᠤᠴᠠᠯᠭ᠎ᠠ ᠶᠢ ᠬᠢᠴᠢᠶᠡᠩᠭᠦ᠋ᠢᠯᠡᠨ ᠵᠢᠷᠤᠮᠯᠠᠵᠤ᠂ ᠠᠷᠠᠳ ᠤᠨ ᠲᠥᠯᠥᠭᠡ | ᠵᠢᠳᠬᠦᠬᠦ ᠠᠷᠭ᠎ᠠ ᠬᠡᠮᠵᠢᠶ᠎ᠡ᠃ ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠤᠪᠴᠢᠶ᠎ᠠ ᠴᠠᠭ ᠢ ᠤᠷᠲᠤᠳᠬᠠᠨ | ᠦᠢᠯᠡᠴᠢᠯᠡᠭᠡ ᠶᠢ ᠬᠡᠪ ᠤᠨ ᠪᠠᠶᠢᠳᠠᠯ ᠳᠤ ᠣᠷᠣᠭᠤᠯᠵᠤ᠂ ᠤᠯᠠᠨ ᠲᠦᠮᠡᠨ ᠠᠵᠢᠯ ᠶᠠᠪᠤᠳᠠᠯ ᠡᠷᠬᠢᠯᠡᠬᠦ ᠬᠡᠷᠡᠭᠴᠡᠭᠡ ᠲᠠᠢ | ᠯᠡ ᠶᠤᠮ ᠪᠣᠯ ᠦᠳᠡ ᠶᠢᠨ ᠠᠮᠠᠷᠠᠯᠲᠠ ᠪᠤᠶᠤ ᠠᠵᠢᠯ ᠠᠴᠠ ᠪᠠᠨ ᠪᠠᠭᠤᠭᠰᠠᠨ ᠤ ᠲᠠᠷᠠᠭ᠎ᠠ᠂ ᠴᠤᠩᠬᠤᠪᠴᠢ ᠶᠢᠨ | ᠠᠵᠢᠯᠲᠠᠳ ᠴᠥᠮ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ ᠪᠠᠶᠢᠭ᠎ᠠ ᠤᠯᠠᠨ ᠲᠦᠮᠡᠨ ᠳᠤ ︽ᠴᠠᠭ ᠢ | ᠤᠷᠲᠤᠳᠬᠠᠬᠤ ᠦᠢᠯᠡᠴᠢᠯᠡᠭᠡ︾ ᠬᠠᠩᠭᠠᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠴᠠᠭ ᠢ ᠠᠷᠪᠢᠯᠠᠬᠤ᠂ | ᠥᠪᠡᠷ ᠤᠨ ᠦᠷᠳᠡᠭ ᠢ ᠠᠷᠪᠢᠯᠠᠬᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠦᠢᠯᠡᠴᠢᠯᠡᠭᠡᠨ ᠤ ᠬᠡᠷᠡᠭᠴᠡᠭᠡ ᠶᠢ | ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠪᠣᠯᠤᠨ᠎ᠠ᠃ | 7 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠠᠷᠠᠳ ᠳ᠋ᠦᠩ ᠠᠪᠤᠭᠠᠢ ᠰᠢᠩ | ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠣᠪᠴᠢᠶ᠎ᠠ ᠳᠤ ᠬᠦᠷᠴᠦ ᠡᠷᠡᠭᠦᠯ ᠮᠡᠨᠳᠦ ᠶᠢᠨ ᠦᠨᠡᠮᠯᠡᠯ ᠭᠦᠢᠴᠡᠳᠬᠡᠪᠡ᠃ ᠶᠡᠭᠡ ᠲᠢᠩᠬᠢᠮ ᠳᠤ ᠬᠡᠷᠡᠭ ᠶᠠᠪᠤᠳᠠᠯ | ᠰᠢᠢᠳᠪᠦᠷᠢᠯᠡᠬᠦ ᠳᠤ ᠤᠯᠠᠨ ᠲᠦᠮᠡᠨ ᠨᠡᠯᠢᠶᠡᠳ ᠤᠯᠠᠨ᠂ ᠲᠤᠬᠠᠶᠢᠯᠠᠭᠰᠠᠨ ᠠᠵᠢᠯ ᠨᠡᠯᠢᠶᠡᠳ ᠶᠠᠭᠠᠷᠠᠯᠲᠠᠢ ᠪᠣᠯᠬᠤᠷ | ᠪᠠᠰᠠ ᠴᠤ ᠠᠵᠢᠯ ᠠᠴᠠ ᠪᠠᠭᠤᠬᠤ ᠴᠠᠭ ᠣᠶᠢᠷᠠᠳᠴᠤ ᠪᠠᠶᠢᠭ᠎ᠠ ᠪᠣᠯᠬᠤᠷ ᠳ᠋ᠦᠩ ᠠᠪᠤᠭᠠᠢ ᠲᠤᠬᠠᠶᠢᠯᠠᠭᠰᠠᠨ | ᠠᠵᠢᠯ ᠢᠶᠠᠨ ᠪᠡᠶᠡᠯᠡᠭᠦᠯᠵᠦ ᠳᠡᠶᠢᠯᠬᠦ ᠦᠭᠡᠢ ᠪᠣᠯᠬᠤᠷ ᠠᠵᠢᠯᠲᠠᠳ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠲᠡᠷᠡ | ᠳᠠᠷᠤᠢ ᠳᠤᠨᠢ ᠲᠤᠰᠬᠠᠢ ᠬᠥᠮᠥᠨ ᠲᠣᠮᠢᠯᠠᠵᠤ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ | ᠦᠢᠯᠡᠴᠢᠯᠡᠭᠡ ᠬᠠᠩᠭᠠᠭᠰᠠᠨ ᠪᠥᠭᠡᠳ ᠠᠭᠤᠯᠭ᠎ᠠ ᠶᠢ ᠪᠡᠶ᠎ᠡ ᠪᠠᠷ ᠢᠶᠠᠨ ᠵᠢᠯᠣᠭᠤᠳᠤᠨ ᠲᠠᠭᠯᠠᠵᠤ᠂ ᠳ᠋ᠦᠩ ᠠᠪᠤᠭᠠᠢ ᠶᠢᠨ | ᠯᠠᠪᠯᠠᠨ ᠠᠰᠠᠭᠤᠭᠰᠠᠨ ᠠᠰᠠᠭᠤᠳᠠᠯ ᠳᠤ ᠨᠠᠷᠢᠨ ᠬᠦᠯᠢᠴᠡᠩᠭᠦᠢ ᠪᠠᠷ ᠬᠠᠷᠢᠭᠤᠯᠲᠠ ᠥᠭᠴᠦ᠂ ᠠᠵᠢᠯᠲᠠᠳ ᠰᠡᠳᠬᠢᠯ | ᠲᠠᠯᠪᠢᠨ᠂ ᠨᠢᠮᠪᠠᠢ᠂ ᠬᠦᠯᠢᠴᠡᠩᠭᠦᠢ ᠦᠢᠯᠡᠴᠢᠯᠡᠭᠡ ᠨᠢ ᠳ᠋ᠦᠩ ᠠᠪᠤᠭᠠᠢ ᠶᠢᠨ ᠮᠠᠭᠲᠠᠭᠠᠯ ᠰᠠᠶᠢᠰᠢᠶᠠᠯ ᠢ ᠣᠯᠵᠠᠢ᠃ | ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ ︽ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠪᠠᠷ ᠬᠠᠮᠤᠭ ᠤᠨ ᠥᠨᠳᠥᠷ᠂ | ᠬᠢᠨᠠᠨ ᠵᠥᠪᠰᠢᠶᠡᠷᠡᠬᠦ ᠴᠠᠭ ᠢᠶᠠᠷ ᠬᠠᠮᠤᠭ ᠤᠨ ᠣᠬᠤᠷ᠂ ᠦᠢᠯᠡᠴᠢᠯᠡᠭᠡᠨ ᠤ ᠣᠪᠣᠷ ᠢᠶᠠᠷ ᠬᠠᠮᠤᠭ ᠤᠨ ᠰᠠᠶᠢᠨ᠂ | ᠵᠠᠭᠠᠯᠳᠤᠯᠭ᠎ᠠ ᠶᠢ ᠰᠢᠢᠳᠪᠦᠷᠢᠯᠡᠬᠦ ᠬᠠᠮᠤᠭ ᠤᠨ ᠲᠦᠷᠭᠡᠨ︾ ︽ᠳᠥᠷᠪᠡᠨ ᠬᠠᠮᠤᠭ︾ ᠤᠨ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠪᠣᠶ ᠪᠣᠯᠭᠠᠬᠤ ᠪᠠᠷ ᠬᠠᠷᠠᠯᠲᠠ ᠪᠣᠯᠭᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ | ︽ᠨᠡᠮᠡᠬᠦ ᠠᠷᠭ᠎ᠠ︾ ᠬᠢᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠯ᠎ᠠ ᠪᠠᠷ ︽ᠦᠷᠡᠵᠢᠭᠦᠯᠬᠦ ᠠᠷᠭ᠎ᠠ︾ ᠬᠢᠵᠦ | ᠂ ᠠᠯᠬᠤᠮ ᠳᠠᠷᠠᠭ᠎ᠠ ᠶᠢ ᠰᠢᠯᠢᠳᠡᠭᠵᠢᠭᠦᠯᠬᠦ ᠲᠠᠯ᠎ᠠ ᠪᠠᠷ ︽ᠬᠤᠪᠢᠶᠠᠬᠤ ᠠᠷᠭ᠎ᠠ︾ ᠬᠢᠵᠦ᠂ ᠠᠯᠬᠤᠮ ᠳᠠᠷᠠᠭ᠎ᠠ ᠶᠢ | ᠰᠢᠯᠢᠳᠡᠭᠵᠢᠭᠦᠯᠬᠦ ᠲᠠᠯ᠎ᠠ ᠪᠠᠷ ︽ᠬᠤᠪᠢᠶᠠᠬᠤ ᠠᠷᠭ᠎ᠠ︾ ᠶᠢ ᠬᠡᠷᠡᠭᠵᠢᠭᠦᠯᠵᠦ᠂ ᠴᠢᠨᠠᠷ ᠰᠠᠶᠢᠲᠠᠶ ᠵᠠᠰᠠᠭ ᠤᠨ | ᠶᠠᠪᠤᠳᠠᠯ ᠤᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ 2024 ᠤᠨ ᠪᠣᠯᠬᠤ ᠳᠤ | ᠳᠣᠯᠣᠳᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠨᠡᠶᠢᠲᠡ 1800 ᠬᠤᠪᠢ ᠤᠷᠢᠳᠴᠢᠯᠠᠨ ᠪᠣᠯᠵᠣᠵᠤ ᠴᠠᠭ ᠢ | ᠤᠷᠲᠤᠳᠬᠠᠬᠤ ᠦᠢᠯᠡᠴᠢᠯᠡᠭᠡ ᠶᠢ ᠭᠦᠢᠴᠡᠳᠬᠡᠵᠦ᠂ ᠲᠣᠰ ᠰᠠᠷ᠎ᠠ ᠳᠤ ᠨᠡᠶᠢᠲᠡ 68 ᠬᠤᠪᠢ ᠥᠯᠥ ᠬᠥᠳᠡᠯᠬᠦ | ᠬᠥᠷᠥᠩᠭᠡ ᠶᠢᠨ ᠲᠤᠰᠬᠠᠶ ᠲᠣᠭᠤᠷᠢᠭ᠂ ᠵᠠᠮ ᠬᠠᠷᠢᠯᠴᠠᠭᠠᠨ ᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠤᠰᠬᠠᠶ | ᠲᠣᠭᠤᠷᠢᠭ᠂ ᠨᠢᠭᠡ ᠯᠡ ᠤᠳᠠᠭ᠎ᠠ ᠳᠤ ᠲᠤᠰᠬᠠᠶ ᠲᠣᠭᠤᠷᠢᠭ᠂ ᠵᠠᠬ᠎ᠠ ᠳᠡᠯᠭᠡᠭᠦᠷ ᠤᠨ ᠲᠤᠰᠬᠠᠶ ᠲᠣᠭᠤᠷᠢᠭ ᠢᠶᠠᠷ | ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠴᠠᠭ ᠤᠨ ᠦᠢᠯᠡᠴᠢᠯᠡᠭᠡ ᠶᠢ ᠬᠠᠩᠭᠠᠵᠤ᠂ ᠣᠯᠠᠨ ᠲᠦᠮᠡᠨ ᠤ | ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ | ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠨᠢ ᠬᠠᠶᠢᠷ᠎ᠠ | ᠰᠡᠳᠬᠢᠯᠭᠡ ᠲᠠᠢ ᠬᠤᠯᠪᠤᠭᠳᠠᠨ᠎ᠠ᠃ ︽ᠲᠣᠭᠲᠠᠭᠰᠠᠨ ᠴᠠᠭ ᠲᠠᠭᠠᠨ ᠠᠵᠢᠯ ᠠᠴᠠ ᠪᠠᠭᠤᠬᠤ︾ ᠠᠴᠠ ︽ᠴᠠᠭ ᠢ | ᠤᠷᠲᠤᠳᠬᠠᠨ ᠤᠶᠢᠯᠡᠴᠢᠯᠡᠬᠦ︾ ᠪᠣᠯᠲᠠᠯ᠎ᠠ᠂ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡ | ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠳᠡᠯᠭᠡᠭᠦᠷ ᠤᠨ ᠦᠢᠯᠡᠴᠢᠯᠡᠭᠴᠢ︾ ᠶᠢᠨ ᠵᠣᠷᠢᠭ | ᠰᠠᠨᠠᠭ᠎ᠠ ᠶᠢ ᠭᠦᠢᠴᠡᠳ ᠪᠠᠳᠠᠷᠠᠭᠤᠯᠵᠤ᠂ ᠠᠷᠠᠳ ᠲᠦᠮᠡᠨ ᠳᠤ ᠤᠶᠢᠯᠡᠴᠢᠯᠡᠬᠦ ᠣᠭ ᠰᠠᠨᠠᠭ᠎ᠠ ᠶᠢ | ᠤᠶᠢᠯᠡᠳᠤᠯᠭᠡᠵᠢᠭᠦᠯᠵᠤ᠂ ︽ᠨᠠᠢᠮᠠᠨ ᠴᠠᠭ︾ ᠠᠴᠠ ᠭᠠᠳᠠᠨᠠᠬᠢ ᠠᠵᠢᠯ ᠢ ᠢᠳᠡᠪᠬᠢᠲᠡᠶ ᠰᠠᠶᠢᠲᠤᠷ ᠬᠢᠵᠦ᠂ ᠠᠵᠤ | ᠠᠬᠤᠶᠢᠯᠠᠯ᠂ ᠣᠯᠠᠨ ᠲᠦᠮᠡᠨ ᠢ ᠬᠤᠭᠤᠰᠣᠨ ᠪᠣᠯᠭᠠᠬᠤ ᠥᠬᠡᠶ᠂ ᠣᠯᠠᠨ ᠲᠦᠮᠡᠨ ᠳᠤ ᠤᠶᠢᠯᠡᠴᠢᠯᠡᠬᠦ ︽ᠡᠴᠦᠰ ᠤᠨ | ᠨᠢᠭᠡ ᠮᠢᠨᠦ᠋ᠲ︾ ᠢ ᠨᠡᠪᠲᠡᠷᠡᠭᠦᠯᠵᠦ᠂ ︽ᠨᠢᠭᠡ ᠤᠳᠠᠭ᠎ᠠ ᠳᠤ ᠰᠠᠶᠢᠲᠤᠷ ᠡᠷᠭᠢᠯᠡᠬᠦ︾᠂ ︽ᠬᠡᠲᠦᠷᠡᠬᠦ ᠳᠡᠭᠡᠨ ᠨᠢᠭᠡ | ᠤᠳᠠᠭ᠎ᠠ ᠭᠦᠶᠦᠯᠭᠡᠬᠦ︾ ᠶᠢ ᠦᠨᠡᠨ ᠬᠦ ᠪᠡᠶᠡᠯᠡᠭᠦᠯᠪᠡ᠃ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ | ᠬᠠᠨᠤᠮᠵᠢ ᠶᠢᠨ ᠬᠡᠮᠵᠢᠶ᠎ᠡ ᠪᠣᠯᠤᠨ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ | ᠠᠯᠳᠠᠨ ᠦᠰᠦᠭᠲᠦ ᠫᠠᠶᠢᠰᠠ ᠶᠢ ᠭᠡᠷᠡᠯᠲᠦᠭᠦᠯᠪᠡ᠃ | ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |