ᠢᠯᠡ ᠪᠠᠷ ᠰᠤᠷᠤᠭᠴᠢ ᠡᠯᠰᠡᠬᠦ ᠶᠢ ᠬᠡᠷᠡᠭᠵᠢᠭᠦᠯᠵᠦ ᠰᠤᠷᠭᠠᠨ ᠬᠥᠮᠦᠵᠢᠯ ᠤᠨ ᠡᠷᠬᠡ ᠲᠡᠭᠰᠢ ᠶᠢ ᠢᠯᠡᠷᠡᠭᠦᠯᠦᠨ᠎ᠡ
ᠨᠡᠶᠢᠲᠡᠯᠡᠭᠰᠡᠨ ᠴᠠᠭ᠄
2024/7/25
 
   ᠴᠠᠭ    2024-07-25    ᠬᠦᠨᠳᠦᠲᠦ ᠵᠣᠴᠢᠨ    ᠰᠢᠩ ᠾᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠮᠠ ᠰᠢ    ᠲᠣᠪᠴᠢᠯᠠᠯ    ᠣᠶᠢᠷ᠎ᠠ ᠶᠢᠨ ᠵᠢᠯ ᠠᠴᠠ᠂ ᠰᠢᠩ ᠾᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠢᠯᠡ ᠪᠠᠷ ᠰᠤᠷᠤᠭᠴᠢ ᠡᠯᠰᠡᠬᠦ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠰᠤᠷᠤᠭᠴᠢ ᠡᠯᠰᠡᠬᠦ ᠲᠣᠭᠲᠠᠴᠠ ᠶᠢ ᠴᠢᠷᠮᠠᠶᠢᠨ ᠪᠠᠶᠢᠭᠤᠯᠵᠤ᠂ ᠡᠷᠡᠭᠦᠯ ᠪᠥᠭᠡᠳ ᠡᠮᠬᠢ ᠵᠢᠷᠤᠮ ᠲᠠᠢ᠂ ᠡᠷᠬᠡ ᠲᠡᠭᠰᠢ ᠡᠶ᠎ᠡ ᠵᠣᠬᠢᠴᠠᠯ ᠲᠠᠢ᠂ ᠡᠷᠬᠡ ᠲᠡᠭᠰᠢ ᠲᠥᠪ ᠭᠤᠤᠯᠴᠢ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠡᠷᠭᠢᠯᠡᠪᠡ᠃    【 ᠰᠤᠷᠪᠤᠯᠵᠢᠯᠠᠭᠴᠢ 】 ᠣᠳᠣᠬᠠᠨ ᠳᠤ᠂ ᠮᠠᠨ ᠤ ᠰᠢᠶᠠᠨ ᠤ ᠰᠤᠷᠤᠭᠴᠢ ᠡᠯᠰᠡᠬᠦ ᠠᠵᠢᠯ ᠶᠠᠭ ᠥᠷᠨᠢᠭᠦᠯᠵᠦ ᠪᠠᠶᠢᠨ᠎ᠠ᠂ ᠲᠠ ᠪᠢᠳᠡᠨ ᠳᠤ ᠡᠨᠡ ᠵᠢᠯ ᠤᠨ ᠰᠢᠶᠠᠨ ᠤ ᠬᠡᠪᠴᠢᠶᠡᠨ ᠤ ᠰᠤᠷᠭᠠᠭᠤᠯᠢ ᠶᠢᠨ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠲᠠᠨᠢᠯᠴᠠᠭᠤᠯᠤᠭᠠᠳ ᠥᠭᠭᠦᠨ᠎ᠡ ᠦᠦ︖    【 ᠮᠠ ᠰᠢ 】 ᠮᠠᠨ ᠤ ᠰᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠢᠯᠡ ᠪᠠᠷ ᠰᠣᠷᠣᠭᠴᠢ ᠡᠯᠰᠡᠬᠦ ᠲᠤᠰᠬᠠᠶ ᠠᠵᠢᠯᠯᠠᠭ᠎ᠠ ︵2024 ᠣᠨ︶ ᠠᠵᠢᠯ ᠤᠨ ᠲᠥᠰᠦᠯ ᠤᠨ ᠮᠡᠳᠡᠭᠳᠡᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠤᠯᠠᠨ ᠤ ᠰᠤᠷᠭᠠᠨ ᠬᠥᠮᠦᠵᠢᠯ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠨᠢᠭᠡ ᠳᠤ᠂ ᠤᠯᠤᠰ ᠤᠨ ᠠᠷᠠᠳ ᠢᠷᠭᠡᠳ ᠤᠨ ᠬᠠᠮᠲᠤ ᠡᠯᠰᠡᠬᠦ᠂ ᠰᠢᠯᠭᠠᠭᠤᠯᠬᠤ ᠦᠭᠡᠢ ᠪᠠᠷ ᠣᠶᠢᠷ᠎ᠠ ᠬᠠᠪᠢ ᠶᠢᠨ ᠰᠤᠷᠭᠠᠭᠤᠯᠢ ᠳᠤ ᠣᠷᠣᠬᠤ᠂ ᠰᠤᠷᠭᠠᠨ ᠬᠥᠮᠦᠵᠢᠯ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠳᠤ ᠣᠷᠣᠵᠤ ᠠᠵᠢᠯ ᠬᠥᠳᠡᠯᠮᠦᠷᠢ ᠬᠢᠭᠰᠡᠳ ᠤᠨ ᠳᠠᠭᠠᠵᠤ ᠨᠡᠭᠦᠭᠰᠡᠨ ᠦᠷ᠎ᠡ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠵᠡᠮᠳᠡᠭ ᠬᠡᠦᠬᠡᠳ ᠵᠡᠷᠭᠡ ᠣᠨᠴᠠᠭᠠᠶ ᠬᠥᠮᠦᠰ ᠤᠨ ᠰᠤᠷᠭᠠᠭᠤᠯᠢ ᠳᠤ ᠣᠷᠣᠬᠤ ᠪᠠᠲᠤᠯᠠᠭ᠎ᠠ ᠶᠢᠨ ᠠᠵᠢᠯ ᠢ ᠦᠨᠡᠨ ᠬᠦ ᠴᠢᠩᠭᠠᠳᠬᠠᠵᠤ᠂ ᠪᠣᠢ ᠪᠦᠬᠦᠢ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠡᠷᠬᠡ ᠲᠡᠭᠰᠢ ᠪᠠᠷ ᠬᠦᠷᠲᠡᠬᠦ ᠶᠢ ᠦᠨᠡᠨ ᠬᠦ ᠪᠠᠲᠤᠯᠠᠵᠤ᠂ ᠣᠷᠣᠬᠤ ᠶᠣᠰᠣᠲᠠᠢ ᠶᠢ ᠨᠢ ᠴᠥᠮ ᠣᠷᠣᠭᠤᠯᠵᠤ᠂ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠨ᠎ᠠ᠃ ᠬᠤᠶᠠᠷ ᠲᠤ᠂ ᠪᠠᠭ᠎ᠠ ᠰᠤᠷᠭᠠᠭᠤᠯᠢ ᠡᠷᠳᠡᠮ ᠤᠨ ᠴᠣᠯᠠ ᠶᠢ ᠦᠨᠳᠦᠰᠦᠯᠡᠨ᠂ 7 ᠲᠥᠷᠥᠯ ᠤᠨ ᠦᠨᠳᠦᠰᠦᠯᠡᠯ ᠶᠣᠰᠣᠭᠠᠷ ᠲᠠᠰ ᠳᠠᠷᠠᠭᠠᠯᠠᠨ ᠰᠣᠷᠣᠭᠴᠢ ᠡᠯᠰᠡᠵᠦ᠂ ᠰᠣᠷᠣᠭᠴᠢ ᠡᠯᠰᠡᠬᠦ ᠲᠥᠯᠥᠪᠯᠡᠭᠡ ᠪᠠᠨ ᠳᠠᠭᠤᠰᠲᠠᠯ᠎ᠠ ᠡᠷᠳᠡᠮᠲᠡᠨ ᠤ ᠴᠣᠯᠠ ᠬᠠᠮᠠᠭᠠᠯᠠᠪᠠ᠃ ᠬᠡᠷᠪᠡ ᠶᠠᠮᠠᠷ ᠨᠢᠭᠡᠨ ᠲᠥᠷᠥᠯ ᠤᠨ ᠡᠷᠳᠡᠮ ᠤᠨ ᠴᠣᠯᠠ ᠨᠢᠭᠡᠨᠲᠡ ᠳᠦᠭᠦᠷᠲᠡᠯ᠎ᠡ ᠡᠯᠰᠡᠪᠡᠯ᠂ ᠦᠯᠡᠳᠡᠭᠰᠡᠨ ᠰᠤᠷᠤᠭᠴᠢ ᠨᠢ ᠣᠯᠠᠨ ᠰᠤᠷᠭᠠᠭᠤᠯᠢ ᠬᠤᠯᠪᠣᠭᠠᠯᠠᠭᠰᠠᠨ ᠪᠠ ᠲᠠᠰᠢᠷᠠᠮ ᠢᠶᠠᠷ ᠣᠷᠣᠨ ᠪᠠᠶᠢᠷᠢ ᠲᠣᠮᠢᠯᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠡᠷᠳᠡᠮ ᠤᠨ ᠴᠣᠯᠠ ᠪᠦᠬᠦᠢ ᠰᠤᠷᠭᠠᠭᠤᠯᠢ ᠳᠤ ᠲᠣᠬᠢᠷᠠᠭᠤᠯᠤᠨ ᠰᠤᠷᠭᠠᠭᠤᠯᠢ ᠳᠤ ᠣᠷᠣᠭᠤᠯᠤᠨ᠎ᠠ︔ ᠪᠠᠭ᠎ᠠ ᠰᠤᠷᠭᠠᠭᠤᠯᠢ ᠲᠡᠭᠦᠰᠦᠭᠰᠡᠳ ᠢ ᠬᠤᠪᠢᠶᠠᠷᠢᠯᠠᠨ ᠲᠣᠭᠲᠠᠭᠠᠭᠰᠠᠨ ᠹᠢᠯᠢᠮ ᠤᠨ ᠳᠣᠲᠣᠷᠠᠬᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠭᠠᠭᠤᠯᠢ ᠳᠤ ᠣᠷᠤᠭᠤᠯᠤᠨ᠎ᠠ᠂ ᠪᠤᠰᠤᠳ ᠬᠤᠰᠢᠭᠤ ᠰᠢᠶᠠᠨ ᠤ ᠪᠠᠭ᠎ᠠ ᠰᠤᠷᠭᠠᠭᠤᠯᠢ ᠲᠡᠭᠦᠰᠦᠭᠰᠡᠳ ᠪᠣᠳᠠᠲᠤ ᠪᠠᠶᠢᠳᠠᠯ ᠢᠶᠠᠨ ᠦᠨᠳᠦᠰᠦᠯᠡᠨ ᠰᠤᠷᠤᠯᠴᠠᠬᠤ ᠰᠤᠷᠭᠠᠭᠤᠯᠢ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠤᠨ᠎ᠠ︔ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠬᠢᠭᠡᠳ ᠠᠯᠪᠠᠨ ᠠᠴᠠ ᠡᠷᠬᠢᠯᠡᠭᠰᠡᠨ ᠰᠤᠷᠭᠠᠭᠤᠯᠢ ᠲᠠᠢ ᠵᠡᠷᠭᠡ ᠪᠠᠷ ᠰᠤᠷᠤᠭᠴᠢ ᠡᠯᠰᠡᠵᠦ᠂ ᠪᠦᠬᠦ ᠰᠢᠶᠠᠨ ᠤ ︽ᠠᠳᠠᠯᠢ ᠠᠬᠢᠴᠠ︾ ︽ᠨᠢᠭᠡ ᠬᠥᠯᠭᠡ ᠰᠢᠲᠠᠷ᠎ᠠ︾᠎ ᠶᠢ ᠪᠠᠲᠤᠯᠠᠨ᠎ᠠ᠃    【 ᠰᠤᠷᠪᠤᠯᠵᠢᠯᠠᠭᠴᠢ 】 ᠮᠠᠨ ᠤ ᠰᠢᠶᠠᠨ ᠢᠯᠡ ᠪᠠᠷ ᠰᠤᠷᠤᠭᠴᠢ ᠡᠯᠰᠡᠬᠦ ᠶᠢ ᠬᠡᠷᠬᠢᠨ ᠨᠠᠶᠢᠳᠠᠪᠤᠷᠢᠵᠢᠭᠤᠯᠤᠭᠰᠠᠨ ᠪᠤᠢ︖    【 ᠮᠠ ᠰᠢ 】 ᠨᠡᠷᠡᠨ ᠤ ᠭᠡᠷᠡᠯ ᠤᠨ ᠰᠤᠷᠤᠭᠴᠢ ᠡᠯᠰᠡᠬᠦ ᠨᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ︽ᠵᠢᠵᠢᠭ ᠡᠭᠦᠳᠡ︾ ᠪᠣᠯᠬᠤ ᠪᠠᠷ ᠪᠠᠷᠠᠬᠤ ᠦᠭᠡᠢ᠂ ᠨᠡᠩ ᠴᠤ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ︽ᠶᠡᠭᠡ ᠠᠷᠠᠳ ᠤᠨ ᠠᠮᠢᠳᠤᠷᠠᠯ︾ ᠪᠣᠯᠤᠨ᠎ᠠ᠃ ᠨᠢᠭᠡ ᠳᠤ᠂ ᠰᠤᠷᠤᠭᠴᠢ ᠡᠯᠰᠡᠨ ᠰᠤᠷᠭᠠᠭᠤᠯᠢ ᠳᠤ ᠣᠷᠣᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠢᠯᠡ ᠪᠠᠷ ᠰᠣᠷᠣᠭᠴᠢ ᠡᠯᠰᠡᠬᠦ ᠲᠤᠰᠬᠠᠶ ᠠᠵᠢᠯᠯᠠᠭ᠎ᠠ ︵2024︶ ᠠᠵᠢᠯ ᠤᠨ ᠲᠥᠰᠦᠯ︾᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠢᠯᠡ ᠪᠠᠷ ᠠᠩᠭᠢ ᠬᠤᠪᠢᠶᠠᠬᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠩ ᠾᠧ ᠰᠢᠶᠠᠨ ᠤ ︽ᠢᠯᠡ ᠪᠠᠷ ᠰᠣᠷᠣᠭᠴᠢ ᠡᠯᠰᠡᠬᠦ ᠰᠤᠷᠭᠠᠭᠤᠯᠢ ᠳᠤ ᠣᠷᠣᠬᠤ︾ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ︽ᠢᠯᠡ ᠪᠠᠷ ᠰᠣᠷᠣᠭᠴᠢ ᠡᠯᠰᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠷᠢ ᠰᠤᠷᠭᠠᠨ ᠬᠥᠮᠦᠵᠢᠯ ᠤᠨ ᠵᠠᠰᠠᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠠᠷᠠᠳ ᠣᠯᠠᠨ ᠤ ᠰᠤᠷᠭᠠᠨ ᠬᠥᠮᠦᠵᠢᠯ ᠳᠠᠬᠢ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠬᠤᠶᠠᠷ ᠲᠤ᠂ ︽ᠰᠢᠯᠭᠠᠬᠤ ᠥᠬᠡᠶ ᠪᠠᠷ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ︾ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠮᠠᠨ ᠤ ᠰᠢᠶᠠᠨ ᠰᠤᠷᠭᠠᠭᠤᠯᠢ ᠶᠢᠨ ᠪᠠᠶᠢᠷᠢᠰᠢᠭᠤᠯᠤᠯᠲᠠ᠂ ᠡᠷᠳᠡᠮ ᠤᠨ ᠴᠣᠯᠠ ᠶᠢᠨ ᠬᠡᠷᠡᠭᠴᠡᠭᠡ ᠱᠠᠭᠠᠷᠳᠠᠯᠭ᠎ᠠ᠂ ᠲᠡᠩᠴᠡᠭᠦᠷᠢᠲᠡᠶ ᠬᠥᠭᠵᠢᠯᠲᠡ ᠵᠡᠷᠭᠡ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠢᠭᠡᠪᠦᠷᠢ ᠳᠤ ᠦᠢᠯᠡᠴᠢᠯᠡᠭᠡᠨ ᠤ ᠬᠡᠪᠴᠢᠶ᠎ᠡ ᠶᠢ ᠵᠦᠶ ᠵᠣᠬᠢᠰᠲᠠᠶ ᠵᠠᠭᠠᠭᠯᠠᠨ ᠲᠣᠭᠲᠠᠭᠠᠬᠤ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠪᠡ᠃ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ︽ᠰᠢᠩ ᠾᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ︾᠎ ᠤᠨ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠡᠯ᠎ᠡ ᠰᠤᠷᠭᠠᠭᠤᠯᠢ ᠶᠢᠨ ᠬᠦᠷᠢᠶᠡᠨ ᠤ ᠬᠡᠷ ᠤᠨ ᠠᠬᠠᠮᠠᠳ ᠣᠯᠠᠨ ᠨᠡᠶᠢᠲᠡ ᠶᠢᠨ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠴᠡᠴᠡᠷᠯᠢᠭ ᠲᠤ ᠣᠷᠣᠬᠤ ᠳᠤ ᠨᠡᠷ᠎ᠡ ᠮᠡᠳᠡᠭᠦᠯᠬᠦ ᠠᠷᠭ᠎ᠠ ᠪᠠ ᠭᠦᠢᠴᠡᠳᠭᠡᠬᠦ ᠴᠤᠪᠤᠷᠠᠯ ᠵᠡᠷᠭᠡ ᠮᠡᠳᠡᠭᠡ ᠵᠠᠩᠭᠢ ᠶᠢ ᠨᠡᠶᠢᠲᠡᠯᠡᠨ᠎ᠡ᠃ ᠭᠤᠷᠪᠠ ᠳᠤ᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠳᠤ ᠨᠢᠭᠡ ᠶᠠᠪᠤᠳᠠᠯ ᠢ ᠭᠦᠢᠴᠡᠳᠬᠡᠬᠦ︾᠎ ᠶᠢ ᠦᠨᠡᠨ ᠬᠦ ᠰᠠᠶᠢᠲᠤᠷ ᠬᠢᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠲᠤ ᠣᠷᠣᠵᠤ ᠰᠤᠷᠭᠠᠭᠤᠯᠢ ᠳᠤ ᠣᠷᠣᠬᠤ ᠶᠠᠪᠤᠳᠠᠯ ᠢ ᠰᠢᠢᠳᠪᠦᠷᠢᠯᠡᠬᠦ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠷ ᠤᠨ ᠠᠬᠠᠮᠠᠳ ︽ᠮᠥᠩᠬᠡ ᠰᠤᠪᠠᠭ︾ APP᠎ ᠪᠠᠷ ᠳᠠᠮᠵᠢᠭᠤᠯᠤᠨ ︽ᠨᠢᠭᠡ ᠶᠠᠪᠤᠳᠠᠯ ᠤᠨ ᠲᠤᠰᠬᠠᠶ ᠣᠷᠣᠨ︾᠎ ᠳᠤ ᠣᠷᠣᠵᠤ ᠪᠣᠯᠤᠨ᠎ᠠ᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠢᠭᠡ ᠶᠠᠪᠤᠳᠠᠯ︾᠎ ᠤᠨ ᠬᠡᠰᠡᠭ ᠲᠤ ᠰᠢᠰᠲ᠋ᠧᠮ ᠤᠨ ᠠᠵᠢᠯᠯᠠᠭᠠᠨ ᠤ ᠵᠦᠭᠯᠡᠭᠦᠷ ᠶᠣᠰᠣᠭᠠᠷ ᠬᠠᠮᠢᠶ᠎ᠠ ᠪᠥᠬᠦᠶ ᠮᠡᠳᠡᠭᠡ ᠵᠠᠩᠭᠢ ᠶᠢ ᠲᠠᠭᠯᠠᠨ ᠪᠢᠴᠢᠬᠦ ᠶᠢᠨ ᠬᠠᠮᠲᠤ ᠴᠢᠬᠤᠯᠠ ᠪᠥᠬᠦᠶ ᠮᠠᠲ᠋ᠧᠷᠢᠶᠠᠯ ᠢ ᠰᠡᠭᠦᠳᠡᠷᠯᠡᠨ ᠳᠠᠮᠵᠢᠭᠤᠯᠤᠨ᠎ᠠ᠃ ᠡᠯ᠎ᠡ ᠰᠤᠷᠭᠠᠭᠤᠯᠢ ᠨᠤᠭᠤᠳ ᠰᠤᠷᠭᠠᠭᠤᠯᠢ ᠳᠤ ᠰᠦᠯᠵᠢᠶᠡᠨ ᠭᠠᠳᠠᠨᠠᠬᠢ ᠣᠷᠣᠯᠠᠨ ᠭᠦᠢᠴᠡᠳᠬᠡᠬᠦ ᠴᠡᠭ ᠭᠠᠷᠭᠠᠵᠤ᠂ ᠬᠡᠰᠡᠭ ᠣᠨᠴᠠᠭᠠᠶ ᠬᠡᠷᠡᠭᠴᠡᠭᠡ ᠱᠠᠭᠠᠷᠳᠠᠯᠭ᠎ᠠ ᠲᠠᠢ ᠣᠯᠠᠨ ᠲᠦᠮᠡᠨ ᠢ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠠᠵᠢᠯ ᠤᠨ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠦᠨ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠠᠷᠭᠤᠭᠤᠯᠤᠨ ᠰᠢᠯᠭᠠᠬᠤ ᠠᠵᠢᠯ ᠢ ᠲᠦᠷᠭᠡᠨ ᠪᠥᠭᠡᠳ ᠣᠨᠣᠪᠴᠢᠲᠠᠶ ᠪᠡᠶᠡᠯᠡᠭᠦᠯᠵᠦ᠂ ᠰᠣᠷᠣᠭᠴᠢ ᠡᠯᠰᠡᠬᠦ ᠠᠵᠢᠯ ᠤᠨ ᠵᠢᠷᠤᠮᠵᠢᠭᠤᠯᠤᠯᠲᠠ ᠶᠢ ᠠᠬᠢᠭᠤᠯᠤᠨ᠂ ᠣᠯᠠᠨ ᠲᠦᠮᠡᠨ ᠳᠤ ᠡᠷᠬᠡ ᠲᠡᠭᠰᠢ ᠲᠥᠪ ᠭᠤᠤᠯᠴᠢ ᠢᠯᠡ ᠪᠠᠷ ᠰᠣᠷᠣᠭᠴᠢ ᠡᠯᠰᠡᠬᠦ ᠦᠢᠯᠡᠴᠢᠯᠡᠭᠡ ᠶᠢ ᠬᠠᠩᠭᠠᠪᠠ᠃    【 ᠰᠤᠷᠪᠤᠯᠵᠢᠯᠠᠭᠴᠢ 】 ᠲᠠᠨ ᠤ ᠳᠤᠷᠠᠳᠤᠭᠰᠠᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠵᠦᠢ ᠵᠣᠬᠢᠰᠲᠠᠶ ᠲᠣᠭᠲᠠᠭᠠᠬᠤ ᠲᠤᠬᠠᠶ ᠶᠠᠮᠠᠷ ᠶᠠᠮᠠᠷ ᠬᠦᠴᠦᠨ ᠵᠦᠢᠯ ᠢ ᠪᠣᠳᠣᠯᠬᠢᠯᠠᠭᠰᠠᠨ ᠪᠤᠶ︖    【 ᠮᠠ ᠰᠢ 】 ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠵᠦᠶ ᠵᠣᠬᠢᠰᠲᠠᠶ ᠵᠠᠭᠠᠭᠯᠠᠨ ᠲᠣᠭᠲᠠᠭᠠᠬᠤ ᠬᠡᠷᠡᠭᠲᠡᠶ᠂ ᠡᠩ ᠲᠡᠷᠢᠭᠦᠨ ᠳᠤ ᠵᠦᠶ ᠵᠣᠬᠢᠰᠲᠠᠶ ︽ᠶᠣᠰᠣ︾᠎ ᠨᠢ ᠶᠠᠭᠤ ᠪᠣᠯᠬᠤ᠂ ᠨᠢᠭᠡ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾᠎ ᠶᠢᠨ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠵᠠᠷᠴᠢᠮ ᠢ ᠲᠣᠳᠣᠷᠬᠠᠶᠢᠯᠠᠬᠤ ᠬᠡᠷᠡᠭᠲᠡᠶ᠃ ᠬᠤᠶᠠᠷ ᠲᠤ᠂ ᠰᠤᠷᠭᠠᠭᠤᠯᠢ ᠶᠢᠨ ᠬᠥᠭᠵᠢᠯᠲᠡ ᠶᠢ ᠠᠬᠢᠭᠤᠯᠵᠤ᠂ ᠵᠠᠭᠠᠭᠯᠠᠨ ᠲᠣᠭᠲᠠᠭᠠᠭᠰᠠᠨ ᠬᠡᠰᠡᠭ ᠲᠣᠭᠤᠷᠢᠭ ᠨᠢ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠢᠳᠡᠪᠬᠢᠵᠢᠯ ᠢ ᠳᠠᠶᠢᠴᠢᠯᠠᠬᠤ ᠳᠤ ᠠᠰᠢᠭᠲᠠᠶ ᠪᠠᠶᠢᠵᠤ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠬᠡᠰᠡᠭ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠭᠤᠷᠪᠠ ᠳᠤ᠂ ᠰᠤᠷᠤᠭᠴᠢ ᠶᠢᠨ ᠭᠡᠷ ᠤᠨ ᠠᠬᠠᠮᠠᠳ ᠤᠨ ᠬᠡᠷᠡᠭᠴᠡᠭᠡ ᠶᠢ ᠬᠠᠩᠭᠠᠵᠤ᠂ ᠪᠠᠭ᠎ᠠ ᠰᠤᠷᠭᠠᠭᠤᠯᠢ ᠶᠢᠨ ᠲᠠᠷᠬᠠᠯᠲᠠ᠂ ᠭᠠᠵᠠᠷ ᠵᠦᠢ ᠶᠢᠨ ᠪᠠᠶᠢᠷᠢᠰᠢᠯ᠂ ᠵᠠᠮ ᠬᠠᠷᠢᠯᠴᠠᠭᠠᠨ ᠤ ᠪᠠᠶᠢᠳᠠᠯ ᠵᠡᠷᠭᠡ ᠬᠦᠴᠦᠨ ᠵᠦᠢᠯ ᠢ ᠪᠣᠳᠣᠯᠬᠢᠯᠠᠬᠤ ᠬᠡᠷᠡᠭᠲᠡᠢ᠃ ᠬᠤᠶᠢᠰᠢᠳᠠ᠂ ᠪᠢᠳᠡ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ᠂ ᠰᠤᠷᠭᠠᠭᠤᠯᠢ ᠶᠢᠨ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠰᠤᠷᠭᠠᠭᠤᠯᠢ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠪᠦᠯᠦᠭᠵᠢᠭᠦᠯᠦᠨ ᠰᠤᠷᠭᠠᠭᠤᠯᠢ ᠡᠷᠬᠢᠯᠡᠬᠦ ᠶᠢ ᠭᠦᠨᠵᠡᠭᠡᠢ ᠠᠬᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠡᠰᠡᠭ ᠲᠣᠭᠤᠷᠢᠭ ᠨᠢᠭᠡᠪᠦᠷᠢ ᠳᠤ ᠴᠥᠮ ᠰᠢᠯᠢᠳᠡᠭ ᠰᠤᠷᠭᠠᠭᠤᠯᠢ ᠲᠠᠢ ᠪᠣᠯᠭᠠᠬᠤ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ ᠢᠩᠭᠢᠪᠡᠯ ᠰᠠᠶ᠋ᠢ ᠰᠤᠷᠭᠠᠨ ᠬᠥᠮᠦᠵᠢᠯ ᠤᠨ ᠡᠷᠬᠡ ᠲᠡᠭᠰᠢ ᠶᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠵᠦ᠂ ᠭᠡᠷ ᠤᠨ ᠠᠬᠠᠮᠠᠳ ᠢ ᠬᠠᠮᠤᠭ ᠤᠨ ᠶᠡᠭᠡ ᠬᠡᠮᠵᠢᠶ᠎ᠡ ᠪᠠᠷ ᠰᠡᠳᠬᠢᠯ ᠬᠠᠨᠤᠮᠵᠢᠲᠠᠶ ᠪᠣᠯᠭᠠᠵᠤ ᠴᠢᠳᠠᠨ᠎ᠠ᠃    【 ᠰᠤᠷᠪᠤᠯᠵᠢᠯᠠᠭᠴᠢ 】 ᠮᠠ᠋ ᠲᠣᠪᠴᠢᠶᠠᠨ ᠳᠠᠷᠤᠭ᠎ᠠ ᠪᠢᠳᠡᠨ ᠤ ᠰᠤᠷᠪᠤᠯᠵᠢᠯᠠᠭ᠎ᠠ ᠶᠢ ᠬᠦᠯᠢᠶᠡᠵᠦ ᠠᠪᠤᠭᠰᠠᠨ ᠳᠤ ᠲᠠᠯᠠᠷᠬᠠᠵᠤ  ᠪᠠᠶᠢᠨ᠎ᠠ᠃ ᠥᠨᠥᠳᠦᠷ ᠤᠨ ᠲᠤᠬᠠᠶ ᠰᠤᠷᠪᠤᠯᠵᠢᠯᠠᠭ᠎ᠠ ᠲᠡᠭᠦᠰᠴᠡᠶ᠂  ᠲᠠ ᠨᠠᠷ ᠲᠠᠢ ᠪᠠᠨ ᠳᠠᠷᠠᠭ᠎ᠠ ᠤᠳᠠᠭ᠎ᠠ ᠠᠭᠤᠯᠵᠠᠶ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3