ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠬᠠᠶᠢᠷ᠎ᠠ ᠰᠡᠳᠬᠢᠯᠭᠡ ᠪᠠᠨ ᠢᠯᠡᠷᠡᠭᠦᠯᠬᠦ︾ ᠴᠠᠭ ᠢ ᠤᠷᠲᠤᠳᠬᠠᠬᠤ ᠦᠢᠯᠡᠴᠢᠯᠡᠭᠡ ︽ᠬᠥᠮᠥᠰ ᠤᠨ ᠰᠡᠳᠬᠢᠯ ᠢ ᠳᠤᠯᠠᠭᠠᠴᠠᠭᠤᠯᠬᠤ︾
ᠨᠡᠶᠢᠲᠡᠯᠡᠭᠰᠡᠨ ᠴᠠᠭ᠄
2024/7/25
     ᠠᠷᠠᠳ ᠤᠨ ᠲᠥᠯᠥᠭᠡ ᠵᠢᠳᠬᠦᠬᠦ ᠬᠠᠷᠢᠭᠤᠴᠠᠯᠭ᠎ᠠ ᠶᠢ ᠬᠢᠴᠢᠶᠡᠩᠭᠦ᠋ᠢᠯᠡᠨ ᠵᠢᠷᠤᠮᠯᠠᠵᠤ᠂ ᠠᠷᠠᠳ ᠤᠨ ᠲᠥᠯᠥᠭᠡ ᠵᠢᠳᠬᠦᠬᠦ ᠠᠷᠭ᠎ᠠ ᠬᠡᠮᠵᠢᠶ᠎ᠡ᠃ ᠤᠢᠢᠷ᠎ᠠ ᠶᠢᠨ ᠵᠢᠯ ᠠᠴᠠ᠂ ᠰᠢᠩ ᠡᡁᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠤᠪᠴᠢᠶ᠎ᠠ ᠴᠠᠭ ᠢ ᠤᠷᠲᠤᠳᠬᠠᠨ ᠦᠢᠯᠡᠴᠢᠯᠡᠭᠡ ᠶᠢ ᠬᠡᠪ ᠤᠨ ᠪᠠᠶᠢᠳᠠᠯ ᠳᠤ ᠣᠷᠣᠭᠤᠯᠵᠤ᠂ ᠤᠯᠠᠨ ᠲᠦᠮᠡᠨ ᠠᠵᠢᠯ ᠶᠠᠪᠤᠳᠠᠯ ᠡᠷᠬᠢᠯᠡᠬᠦ ᠬᠡᠷᠡᠭᠴᠡᠭᠡ ᠲᠠᠢ ᠯᠡ ᠶᠤᠮ ᠪᠣᠯ ᠦᠳᠡ ᠶᠢᠨ ᠠᠮᠠᠷᠠᠯᠲᠠ ᠪᠤᠶᠤ ᠠᠵᠢᠯ ᠠᠴᠠ ᠪᠠᠨ ᠪᠠᠭᠤᠭᠰᠠᠨ ᠤ ᠲᠠᠷᠠᠭ᠎ᠠ᠂ ᠴᠤᠩᠬᠤᠪᠴᠢ ᠶᠢᠨ ᠠᠵᠢᠯᠲᠠᠳ ᠴᠥᠮ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ ᠪᠠᠶᠢᠭ᠎ᠠ ᠤᠯᠠᠨ ᠲᠦᠮᠡᠨ ᠳᠤ ︽ᠴᠠᠭ ᠢ ᠤᠷᠲᠤᠳᠬᠠᠬᠤ ᠦᠢᠯᠡᠴᠢᠯᠡᠭᠡ︾ ᠬᠠᠩᠭᠠᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠴᠠᠭ ᠢ ᠠᠷᠪᠢᠯᠠᠬᠤ᠂ ᠥᠪᠡᠷ ᠤᠨ ᠦᠷᠳᠡᠭ ᠢ ᠠᠷᠪᠢᠯᠠᠬᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠦᠢᠯᠡᠴᠢᠯᠡᠭᠡᠨ ᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠪᠣᠯᠤᠨ᠎ᠠ᠃      7 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠠᠷᠠᠳ ᠳ᠋ᠦᠩ ᠠᠪᠤᠭᠠᠢ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠡᠷᠡᠭᠦᠯ ᠮᠡᠨᠳᠦ ᠶᠢᠨ ᠦᠨᠡᠮᠯᠡᠯ ᠭᠦᠢᠴᠡᠳᠬᠡᠪᠡ᠃ ᠶᠡᠭᠡ ᠲᠢᠩᠬᠢᠮ ᠳᠤ ᠬᠡᠷᠡᠭ ᠶᠠᠪᠤᠳᠠᠯ ᠰᠢᠢᠳᠪᠦᠷᠢᠯᠡᠬᠦ ᠳᠤ ᠤᠯᠠᠨ ᠲᠦᠮᠡᠨ ᠨᠡᠯᠢᠶᠡᠳ ᠤᠯᠠᠨ᠂ ᠲᠤᠬᠠᠶᠢᠯᠠᠭᠰᠠᠨ ᠠᠵᠢᠯ ᠨᠡᠯᠢᠶᠡᠳ ᠶᠠᠭᠠᠷᠠᠯᠲᠠᠢ ᠪᠣᠯᠬᠤᠷ ᠪᠠᠰᠠ ᠴᠤ ᠠᠵᠢᠯ ᠠᠴᠠ ᠪᠠᠭᠤᠬᠤ ᠴᠠᠭ ᠣᠶᠢᠷᠠᠳᠴᠤ ᠪᠠᠶᠢᠭ᠎ᠠ ᠪᠣᠯᠬᠤᠷ ᠳ᠋ᠦᠩ ᠠᠪᠤᠭᠠᠢ ᠲᠤᠬᠠᠶᠢᠯᠠᠭᠰᠠᠨ ᠠᠵᠢᠯ ᠢᠶᠠᠨ ᠪᠡᠶᠡᠯᠡᠭᠦᠯᠵᠦ ᠳᠡᠶᠢᠯᠬᠦ ᠦᠭᠡᠢ ᠪᠣᠯᠬᠤᠷ ᠠᠵᠢᠯᠲᠠᠳ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠲᠡᠷᠡ ᠳᠠᠷᠤᠢ ᠳᠤᠨᠢ ᠲᠤᠰᠬᠠᠢ ᠬᠥᠮᠥᠨ ᠲᠣᠮᠢᠯᠠᠵᠤ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡ ᠬᠠᠩᠭᠠᠭᠰᠠᠨ ᠪᠥᠭᠡᠳ ᠠᠭᠤᠯᠭ᠎ᠠ ᠶᠢ ᠪᠡᠶ᠎ᠡ ᠪᠠᠷ ᠢᠶᠠᠨ ᠵᠢᠯᠣᠭᠤᠳᠤᠨ ᠲᠠᠭᠯᠠᠵᠤ᠂ ᠳ᠋ᠦᠩ ᠠᠪᠤᠭᠠᠢ ᠶᠢᠨ ᠯᠠᠪᠯᠠᠨ ᠠᠰᠠᠭᠤᠭᠰᠠᠨ ᠠᠰᠠᠭᠤᠳᠠᠯ ᠳᠤ ᠨᠠᠷᠢᠨ ᠬᠦᠯᠢᠴᠡᠩᠭᠦᠢ ᠪᠠᠷ ᠬᠠᠷᠢᠭᠤᠯᠲᠠ ᠥᠭᠴᠦ᠂ ᠠᠵᠢᠯᠲᠠᠳ ᠰᠡᠳᠬᠢᠯ ᠲᠠᠯᠪᠢᠨ᠂ ᠨᠢᠮᠪᠠᠢ᠂ ᠬᠦᠯᠢᠴᠡᠩᠭᠦᠢ ᠦᠢᠯᠡᠴᠢᠯᠡᠭᠡ ᠨᠢ ᠳ᠋ᠦᠩ ᠠᠪᠤᠭᠠᠢ ᠶᠢᠨ ᠮᠠᠭᠲᠠᠭᠠᠯ ᠰᠠᠶᠢᠰᠢᠶᠠᠯ ᠢ ᠣᠯᠵᠠᠢ᠃      ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠪᠠᠷ ᠬᠠᠮᠤᠭ ᠤᠨ ᠥᠨᠳᠥᠷ᠂ ᠬᠢᠨᠠᠨ ᠵᠥᠪᠰᠢᠶᠡᠷᠡᠬᠦ ᠴᠠᠭ ᠢᠶᠠᠷ ᠬᠠᠮᠤᠭ ᠤᠨ ᠣᠬᠤᠷ᠂ ᠦᠢᠯᠡᠴᠢᠯᠡᠭᠡᠨ ᠤ ᠣᠪᠣᠷ ᠢᠶᠠᠷ ᠬᠠᠮᠤᠭ ᠤᠨ ᠰᠠᠶᠢᠨ᠂ ᠵᠠᠭᠠᠯᠳᠤᠯᠭ᠎ᠠ ᠶᠢ ᠰᠢᠢᠳᠪᠦᠷᠢᠯᠡᠬᠦ ᠬᠠᠮᠤᠭ ᠤᠨ ᠲᠦᠷᠭᠡᠨ︾ ︽ᠳᠥᠷᠪᠡᠨ ᠬᠠᠮᠤᠭ︾ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠪᠠᠷ ᠬᠠᠷᠠᠯᠲᠠ ᠪᠣᠯᠭᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ︽ᠨᠡᠮᠡᠬᠦ ᠠᠷᠭ᠎ᠠ︾ ᠬᠢᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠯ᠎ᠠ ᠪᠠᠷ ︽ᠦᠷᠡᠵᠢᠭᠦᠯᠬᠦ ᠠᠷᠭ᠎ᠠ︾ ᠬᠢᠵᠦ ᠂ ᠠᠯᠬᠤᠮ ᠳᠠᠷᠠᠭ᠎ᠠ ᠶᠢ ᠰᠢᠯᠢᠳᠡᠭᠵᠢᠭᠦᠯᠬᠦ ᠲᠠᠯ᠎ᠠ ᠪᠠᠷ ︽ᠬᠤᠪᠢᠶᠠᠬᠤ ᠠᠷᠭ᠎ᠠ︾ ᠬᠢᠵᠦ᠂ ᠠᠯᠬᠤᠮ ᠳᠠᠷᠠᠭ᠎ᠠ ᠶᠢ ᠰᠢᠯᠢᠳᠡᠭᠵᠢᠭᠦᠯᠬᠦ ᠲᠠᠯ᠎ᠠ ᠪᠠᠷ ︽ᠬᠤᠪᠢᠶᠠᠬᠤ ᠠᠷᠭ᠎ᠠ︾ ᠶᠢ ᠬᠡᠷᠡᠭᠵᠢᠭᠦᠯᠵᠦ᠂ ᠴᠢᠨᠠᠷ ᠰᠠᠶᠢᠲᠠᠶ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ 2024 ᠤᠨ ᠪᠣᠯᠬᠤ ᠳᠤ ᠳᠣᠯᠣᠳᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠨᠡᠶᠢᠲᠡ 1800 ᠬᠤᠪᠢ ᠤᠷᠢᠳᠴᠢᠯᠠᠨ ᠪᠣᠯᠵᠣᠵᠤ ᠴᠠᠭ ᠢ ᠤᠷᠲᠤᠳᠬᠠᠬᠤ ᠦᠢᠯᠡᠴᠢᠯᠡᠭᠡ ᠶᠢ ᠭᠦᠢᠴᠡᠳᠬᠡᠵᠦ᠂ ᠲᠣᠰ ᠰᠠᠷ᠎ᠠ ᠳᠤ ᠨᠡᠶᠢᠲᠡ 68 ᠬᠤᠪᠢ ᠥᠯᠥ ᠬᠥᠳᠡᠯᠬᠦ ᠬᠥᠷᠥᠩᠭᠡ ᠶᠢᠨ ᠲᠤᠰᠬᠠᠶ ᠲᠣᠭᠤᠷᠢᠭ᠂ ᠵᠠᠮ ᠬᠠᠷᠢᠯᠴᠠᠭᠠᠨ ᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠤᠰᠬᠠᠶ ᠲᠣᠭᠤᠷᠢᠭ᠂ ᠨᠢᠭᠡ ᠯᠡ ᠤᠳᠠᠭ᠎ᠠ ᠳᠤ ᠲᠤᠰᠬᠠᠶ ᠲᠣᠭᠤᠷᠢᠭ᠂ ᠵᠠᠬ᠎ᠠ ᠳᠡᠯᠭᠡᠭᠦᠷ ᠤᠨ ᠲᠤᠰᠬᠠᠶ ᠲᠣᠭᠤᠷᠢᠭ ᠢᠶᠠᠷ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠴᠠᠭ ᠤᠨ ᠦᠢᠯᠡᠴᠢᠯᠡᠭᠡ ᠶᠢ ᠬᠠᠩᠭᠠᠵᠤ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃      ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠦᠭᠡᠢ᠂ ᠰᠠᠯᠠᠭ᠎ᠠ ᠨᠠᠮᠠᠭ᠎ᠠ ᠨᠢ ᠬᠠᠶᠢᠷ᠎ᠠ ᠰᠡᠳᠬᠢᠯᠭᠡ ᠲᠠᠢ ᠬᠤᠯᠪᠤᠭᠳᠠᠨ᠎ᠠ᠃ ︽ᠲᠣᠭᠲᠠᠭᠰᠠᠨ ᠴᠠᠭ ᠲᠠᠭᠠᠨ ᠠᠵᠢᠯ ᠠᠴᠠ ᠪᠠᠭᠤᠬᠤ︾ ᠠᠴᠠ ︽ᠴᠠᠭ ᠢ ᠤᠷᠲᠤᠳᠬᠠᠨ ᠤᠶᠢᠯᠡᠴᠢᠯᠡᠬᠦ︾ ᠪᠣᠯᠲᠠᠯ᠎ᠠ᠂ ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ  ᠤᠶᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠳᠡᠯᠭᠡᠭᠦᠷ ᠤᠨ ᠦᠢᠯᠡᠴᠢᠯᠡᠭᠴᠢ︾ ᠶᠢᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠠᠷᠠᠳ ᠲᠦᠮᠡᠨ ᠳᠤ ᠤᠶᠢᠯᠡᠴᠢᠯᠡᠬᠦ ᠣᠭ ᠰᠠᠨᠠᠭ᠎ᠠ ᠶᠢ  ᠤᠶᠢᠯᠡᠳᠤᠯᠭᠡᠵᠢᠭᠦᠯᠵᠤ᠂ ︽ᠨᠠᠢᠮᠠᠨ ᠴᠠᠭ︾ ᠠᠴᠠ ᠭᠠᠳᠠᠨᠠᠬᠢ ᠠᠵᠢᠯ ᠢ ᠢᠳᠡᠪᠬᠢᠲᠡᠶ ᠰᠠᠶᠢᠲᠤᠷ ᠬᠢᠵᠦ᠂ ᠠᠵᠤ ᠠᠬᠤᠶᠢᠯᠠᠯ᠂ ᠣᠯᠠᠨ ᠲᠦᠮᠡᠨ ᠢ ᠬᠤᠭᠤᠰᠣᠨ ᠪᠣᠯᠭᠠᠬᠤ ᠥᠬᠡᠶ᠂ ᠣᠯᠠᠨ ᠲᠦᠮᠡᠨ ᠳᠤ ᠤᠶᠢᠯᠡᠴᠢᠯᠡᠬᠦ ︽ᠡᠴᠦᠰ ᠤᠨ ᠨᠢᠭᠡ ᠮᠢᠨᠦ᠋ᠲ︾ ᠢ ᠨᠡᠪᠲᠡᠷᠡᠭᠦᠯᠵᠦ᠂ ︽ᠨᠢᠭᠡ ᠤᠳᠠᠭ᠎ᠠ ᠳᠤ ᠰᠠᠶᠢᠲᠤᠷ ᠡᠷᠭᠢᠯᠡᠬᠦ︾᠂ ︽ᠬᠡᠲᠦᠷᠡᠬᠦ ᠳᠡᠭᠡᠨ ᠨᠢᠭᠡ ᠤᠳᠠᠭ᠎ᠠ ᠭᠦᠶᠦᠯᠭᠡᠬᠦ︾ ᠶᠢ ᠦᠨᠡᠨ ᠬᠦ ᠪᠡᠶᠡᠯᠡᠭᠦᠯᠪᠡ᠃ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠪᠣᠯᠤᠨ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠠᠯᠳᠠᠨ ᠦᠰᠦᠭᠲᠦ ᠫᠠᠶᠢᠰᠠ ᠶᠢ ᠭᠡᠷᠡᠯᠲᠦᠭᠦᠯᠪᠡ᠃           ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3