7 ᠰᠠᠷ᠎ᠠ ᠶᠢᠨ 22 ᠤᠨ ᠡᠳᠦᠷ᠂ ᠤᠯᠠᠭᠠᠨᠴᠠᠪ ᠬᠤᠲᠠ ᠶᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ | ᠠᠵᠢᠯ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠳ᠋ᠢᠶᠠᠨ ᠽᠢ ᠪᠠᠯᠭᠠᠰᠤᠨ ᠳᠤ ᠭᠦᠨᠵᠡᠭᠡᠶᠢᠷᠡᠨ ᠦᠶᠡᠷ ᠢ | ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠢ ᠱᠠᠯᠠᠪᠳᠠᠭᠤᠯᠤᠨ ᠵᠢᠯᠣᠭᠤᠳᠬᠤ ᠠᠵᠢᠯ ᠥᠷᠨᠢᠭᠦᠯᠪᠡ᠃ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠶᠠᠷᠢᠯᠴᠠᠨ ᠰᠣᠯᠢᠯᠴᠠᠬᠤ᠂ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠬᠦ ᠠᠷᠭ᠎ᠠ ᠬᠡᠯᠪᠡᠷᠢ ᠪᠠᠷ ᠦᠶᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠭᠰᠠᠨ᠂ ᠡᠳ᠋ ᠪᠣᠳᠠᠰ ᠢ ᠨᠥᠭᠡᠴᠡᠯᠡᠵᠦ᠂ ᠵᠢᠵᠢᠭᠦᠷᠯᠡᠨ ᠰᠠᠬᠢᠬᠤ | ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ᠂ ᠰᠢᠮᠳᠠᠭᠤᠯᠤᠨ ᠵᠢᠯᠣᠭᠤᠳᠬᠤ | ᠳᠤᠭᠤᠶᠢᠯᠠᠩ ᠤᠨ ᠬᠢᠨ ᠤᠷᠢᠳ ᠬᠤᠵᠢᠳ ᠳ᠋ᠢᠶᠠᠨ ᠽᠢ ᠲᠣᠰᠬᠤᠨ᠂ ᠡᠯ᠎ᠡ ᠬᠤ᠋ ᠶᠣᠣ ᠲᠣᠰᠬᠤᠨ᠂ ᠸᠠᠩ ᠵᠢᠶᠠ ᠶᠢᠩ | ᠲᠣᠰᠬᠤᠨ ᠵᠡᠷᠭᠡ ᠭᠠᠵᠠᠷ ᠲᠤ ᠬᠦᠷᠴᠦ᠂ ᠦᠶᠡᠷ ᠢ ᠰᠡᠷᠭᠡᠶᠢᠯᠡᠬᠦ ᠲᠣᠰᠬᠤᠨ ᠤ ᠬᠠᠰᠢᠯᠭ᠎ᠠ ᠶᠢ ᠪᠠᠶᠢᠭᠤᠯᠤᠭᠰᠠᠨ ᠪᠠᠶᠢᠳᠠᠯ | ᠵᠢᠴᠢ ᠤᠰᠤᠨ ᠳᠤ ᠡᠪᠳᠡᠭᠳᠡᠭᠰᠡᠨ ᠵᠠᠮ ᠤᠨ ᠬᠡᠰᠡᠭ ᠤᠨ ᠤᠰᠤᠨ ᠤ ᠪᠠᠶᠢᠳᠠᠯ ᠲᠦᠭᠰᠢᠭᠦᠷᠢᠲᠦ ᠪᠠᠶᠢᠳᠠᠯ ᠢ ᠲᠤᠬᠠᠶ ᠶᠢᠨ | ᠭᠠᠵᠠᠷ ᠲᠤᠨᠢ ᠪᠠᠶᠢᠴᠠᠭᠠᠨ ᠦᠵᠡᠵᠦ᠂ ᠪᠥᠬᠦ ᠪᠠᠯᠭᠠᠰᠤᠨ ᠤ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠠᠵᠢᠯ ᠳᠤ | ᠪᠣᠳᠠᠲᠠᠶ ᠱᠠᠭᠠᠷᠳᠠᠯᠭ᠎ᠠ ᠪᠠ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠠᠷᠠᠳ ᠲᠦᠮᠡᠨ ᠢᠶᠠᠷ ᠭᠤᠣᠯ | ᠪᠣᠯᠭᠠᠬᠤ ᠠᠵᠢᠯ ᠤᠨ ᠭᠤᠣᠯᠳᠠᠯᠭ᠎ᠠ ᠶᠢ ᠪᠠᠲᠤ ᠪᠤᠢ ᠪᠣᠯᠭᠠᠵᠤ᠂ ᠪᠣᠳᠠᠲᠤ ᠪᠠᠶᠢᠳᠠᠯ ᠢ ᠲᠣᠳᠣᠷᠬᠠᠢ ᠲᠠᠨᠢᠵᠤ᠂ ᠴᠠᠭ ᠢᠮᠠᠭᠲᠠ | ᠰᠣᠨᠣᠷ ᠰᠡᠷᠡᠮᠵᠢ ᠲᠠᠢ ᠪᠠᠶᠢᠬᠤ ᠬᠡᠷᠡᠭᠲᠡᠢ᠃ ᠮᠢᠨᠴᠦᠭᠦᠷᠡᠨ ᠲᠠᠶᠢᠪᠤᠰᠢᠷᠠᠬᠤ ᠭᠤᠷᠢᠳᠠᠬᠤ ᠪᠤᠳᠤᠯ ᠢ ᠡᠷᠡᠰ ᠲᠠᠶᠠᠭᠳᠠᠵᠤ᠂ | ᠢᠳᠡᠪᠬᠢᠲᠡᠢ ᠰᠠᠨᠠᠭᠠᠴᠢᠯᠠᠭ᠎ᠠ ᠲᠠᠢ ᠪᠠᠶᠢᠵᠤ᠂ ᠡᠮᠦᠨ᠎ᠡ ᠨᠢ ᠵᠢᠳᠬᠦᠨ᠎ᠡ᠃ ᠠᠷᠠᠳ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠬᠤᠬᠢᠷᠠᠭᠤᠯᠬᠤ ᠦᠭᠡᠢ ᠪᠠᠷ ᠦᠶᠡᠷ ᠢ ᠰᠡᠷᠭᠡᠶᠢᠯᠡᠬᠦ ᠠᠵᠢᠯ ᠤᠨ ︽ᠥᠨᠳᠥᠷ | ᠳᠠᠷᠤᠯᠲᠠᠲᠤ ᠤᠲᠠᠰᠤ︾ ᠪᠣᠯᠭᠠᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠡᠯ᠎ᠡ ᠵᠦᠢᠯ ᠤᠨ ᠪᠡᠯᠡᠳᠬᠡᠯ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠶᠢ | ᠴᠢᠩᠭᠠᠳᠬᠠᠵᠤ᠂ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ | ᠲᠣᠭᠤᠷᠢᠨ ᠳᠤ ᠪᠥᠬᠦ ᠲᠠᠯ᠎ᠠ ᠪᠠᠷ ᠪᠠᠶᠢᠴᠠᠭᠠᠨ ᠵᠢᠭᠰᠠᠭᠠᠵᠤ᠂ ︽ᠲᠣᠰᠬᠤᠨ ᠢ ᠳᠠᠭᠠᠭᠠᠴᠢᠯᠠᠬᠤ᠂ ᠡᠷᠦᠬᠡ ᠶᠢ ᠳᠠᠭᠠᠭᠠᠴᠢᠯᠠᠬᠤ | ︾ ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ᠂ ᠲᠦᠭᠰᠢᠭᠦᠷᠢᠲᠦ ᠪᠠᠶᠢᠳᠠᠯ ᠢ ᠣᠯᠵᠤ ᠮᠡᠳᠡᠪᠡᠯ᠂ ᠠᠶᠤᠯᠲᠠᠶ ᠣᠷᠣᠨ | ᠪᠦᠰᠡ ᠶᠢᠨ ᠣᠯᠠᠨ ᠲᠦᠮᠡᠨ ᠢ ᠵᠣᠬᠢᠶᠠᠨ ᠪᠠᠶᠢᠭᠤᠯᠤᠨ ᠠᠶᠤᠯ ᠠᠴᠠ ᠵᠠᠶᠢᠯᠠᠭᠤᠯᠬᠤ ᠶᠢ ᠡᠷᠡᠰ ᠰᠢᠭᠤᠷᠬᠠᠶ ᠪᠠᠷ ᠵᠣᠬᠢᠶᠠᠨ | ᠪᠠᠶᠢᠭᠤᠯᠬᠤ ᠬᠡᠷᠡᠭᠲᠡᠶ︔ ᠤᠰᠤᠨ ᠤ ᠪᠠᠶᠢᠳᠠᠯ᠂ ᠪᠣᠷᠣᠭᠠᠨ ᠤ ᠪᠠᠶᠢᠳᠠᠯ᠂ ᠦᠶᠡᠷ ᠤᠨ ᠪᠠᠶᠢᠳᠠᠯ ᠵᠢᠴᠢ ᠭᠠᠵᠠᠷ ᠤᠨ ᠭᠠᠶ | ᠭᠠᠮᠰᠢᠭ ᠤᠨ ᠪᠠᠶᠢᠳᠠᠯ ᠢ ᠨᠢᠭᠲᠠ ᠠᠩᠬᠠᠷᠴᠤ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠭᠦᠢᠴᠡᠳ ᠪᠡᠯᠡᠳᠬᠡᠵᠦ᠂ ᠠᠪᠤᠷᠠᠨ | ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠭᠡᠨᠡᠳᠲᠡ ᠶᠢᠨ ᠪᠠᠶᠢᠳᠠᠯ ᠢ ᠲᠦᠷᠭᠡᠨ ᠳᠠᠭᠠᠵᠤ | ᠰᠢᠢᠳᠪᠤᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠳᠠᠷᠠᠭᠠᠴᠢ ᠶᠢᠨ ᠠᠯᠬᠤᠮ ᠳᠤ᠂ ᠳ᠋ᠢᠶᠠᠨ ᠽᠢ ᠪᠠᠯᠭᠠᠰᠤ ᠶᠢᠨ ᠬᠢᠨ ᠬᠢᠨᠠᠨ ᠵᠢᠯᠣᠭᠤᠳᠬᠤ ᠳᠤᠭᠤᠶᠢᠯᠠᠩ ᠤᠨ | ᠪᠠᠶᠢᠴᠠᠭᠠᠬᠤ ᠦᠶ᠎ᠡ ᠳᠤ ᠢᠯᠡᠷᠡᠭᠦᠯᠦᠭᠰᠡᠨ ᠠᠰᠠᠭᠤᠳᠠᠯ ᠤᠨ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠵᠤ᠂ | ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ | ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠷᠲᠡ ᠢᠯᠡᠷᠡᠭᠦᠯᠵᠦ᠂ | ᠡᠷᠲᠡ ᠰᠡᠷᠭᠡᠶᠢᠯᠡᠵᠦ᠂ ᠡᠷᠲᠡ ᠠᠶᠤᠯ ᠢ ᠠᠷᠢᠯᠭᠠᠵᠤ᠂ ᠠᠷᠠᠳ ᠤᠯᠠᠨ ᠤ ᠠᠮᠢ ᠨᠠᠰᠤ ᠪᠣᠯᠤᠨ ᠡᠳ᠋ ᠬᠦᠷᠦᠩᠭᠡ ᠶᠢᠨ ᠠᠮᠤᠷ | ᠲᠦᠪᠰᠢᠨ ᠢ ᠪᠠᠲᠤᠯᠠᠨ᠎ᠠ᠃ | | ᠵᠤᠬᠢᠶᠠᠭᠴᠢ᠄ ᠳ᠋ᠢᠶᠠᠨ ᠽᠢ ᠪᠠᠯᠭᠠᠰᠤ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | | |