ᠢᠯᠡ ᠪᠠᠷ ᠰᠤᠷᠤᠭᠴᠢ ᠡᠯᠰᠡᠬᠦ ᠶᠢ ᠬᠡᠷᠡᠭᠵᠢᠭᠦᠯᠵᠦ ᠰᠤᠷᠭᠠᠨ ᠬᠥᠮᠦᠵᠢᠯ ᠤᠨ ᠡᠷᠬᠡ ᠲᠡᠭᠰᠢ ᠶᠢ ᠢᠯᠡᠷᠡᠭᠦᠯᠦᠨ᠎ᠡ
ᠨᠡᠶᠢᠲᠡᠯᠡᠭᠰᠡᠨ ᠴᠠᠭ᠄
2024/7/25
 
   ᠴᠠᠭ    2024-07-25    ᠬᠦᠨᠳᠦᠲᠦ ᠵᠣᠴᠢᠨ    ᠰᠢᠩ ᠾᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠮᠠ ᠰᠢ    ᠲᠣᠪᠴᠢᠯᠠᠯ    ᠣᠶᠢᠷ᠎ᠠ ᠶᠢᠨ ᠵᠢᠯ ᠠᠴᠠ᠂ ᠰᠢᠩ ᠾᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠢᠯᠡ ᠪᠠᠷ ᠰᠤᠷᠤᠭᠴᠢ ᠡᠯᠰᠡᠬᠦ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠰᠤᠷᠤᠭᠴᠢ ᠡᠯᠰᠡᠬᠦ ᠲᠣᠭᠲᠠᠴᠠ ᠶᠢ ᠴᠢᠷᠮᠠᠶᠢᠨ ᠪᠠᠶᠢᠭᠤᠯᠵᠤ᠂ ᠡᠷᠡᠭᠦᠯ ᠪᠥᠭᠡᠳ ᠡᠮᠬᠢ ᠵᠢᠷᠤᠮ ᠲᠠᠢ᠂ ᠡᠷᠬᠡ ᠲᠡᠭᠰᠢ ᠡᠶ᠎ᠡ ᠵᠣᠬᠢᠴᠠᠯ ᠲᠠᠢ᠂ ᠡᠷᠬᠡ ᠲᠡᠭᠰᠢ ᠲᠥᠪ ᠭᠤᠤᠯᠴᠢ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠡᠷᠭᠢᠯᠡᠪᠡ᠃    【 ᠰᠤᠷᠪᠤᠯᠵᠢᠯᠠᠭᠴᠢ 】 ᠣᠳᠣᠬᠠᠨ ᠳᠤ᠂ ᠮᠠᠨ ᠤ ᠰᠢᠶᠠᠨ ᠤ ᠰᠤᠷᠤᠭᠴᠢ ᠡᠯᠰᠡᠬᠦ ᠠᠵᠢᠯ ᠶᠠᠭ ᠥᠷᠨᠢᠭᠦᠯᠵᠦ ᠪᠠᠶᠢᠨ᠎ᠠ᠂ ᠲᠠ ᠪᠢᠳᠡᠨ ᠳᠤ ᠡᠨᠡ ᠵᠢᠯ ᠤᠨ ᠰᠢᠶᠠᠨ ᠤ ᠬᠡᠪᠴᠢᠶᠡᠨ ᠤ ᠰᠤᠷᠭᠠᠭᠤᠯᠢ ᠶᠢᠨ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠲᠠᠨᠢᠯᠴᠠᠭᠤᠯᠤᠭᠠᠳ ᠥᠭᠭᠦᠨ᠎ᠡ ᠦᠦ︖    【 ᠮᠠ ᠰᠢ 】 ᠮᠠᠨ ᠤ ᠰᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠢᠯᠡ ᠪᠠᠷ ᠰᠣᠷᠣᠭᠴᠢ ᠡᠯᠰᠡᠬᠦ ᠲᠤᠰᠬᠠᠶ ᠠᠵᠢᠯᠯᠠᠭ᠎ᠠ ︵2024 ᠣᠨ︶ ᠠᠵᠢᠯ ᠤᠨ ᠲᠥᠰᠦᠯ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠤᠯᠠᠨ ᠤ ᠰᠤᠷᠭᠠᠨ ᠬᠥᠮᠦᠵᠢᠯ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠨᠢᠭᠡ ᠳᠤ᠂ ᠤᠯᠤᠰ ᠤᠨ ᠠᠷᠠᠳ ᠢᠷᠭᠡᠳ ᠤᠨ ᠬᠠᠮᠲᠤ ᠡᠯᠰᠡᠬᠦ᠂ ᠰᠢᠯᠭᠠᠭᠤᠯᠬᠤ ᠦᠭᠡᠢ ᠪᠠᠷ ᠣᠶᠢᠷ᠎ᠠ ᠬᠠᠪᠢ ᠶᠢᠨ ᠰᠤᠷᠭᠠᠭᠤᠯᠢ ᠳᠤ ᠣᠷᠣᠬᠤ᠂ ᠰᠤᠷᠭᠠᠨ ᠬᠥᠮᠦᠵᠢᠯ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠤᠲᠠ ᠳᠤ ᠣᠷᠣᠵᠤ ᠠᠵᠢᠯ ᠬᠥᠳᠡᠯᠮᠦᠷᠢ ᠬᠢᠭᠰᠡᠳ ᠤᠨ ᠳᠠᠭᠠᠵᠤ ᠨᠡᠭᠦᠭᠰᠡᠨ ᠦᠷ᠎ᠡ ᠬᠡᠦᠬᠡᠳ᠂ ᠭᠡᠷ ᠲᠡᠭᠡᠨ ᠬᠤᠴᠣᠷᠤᠭᠰᠠᠨ ᠬᠡᠦᠬᠡᠳ᠂ ᠵᠡᠮᠳᠡᠭ ᠬᠡᠦᠬᠡᠳ ᠵᠡᠷᠭᠡ ᠣᠨᠴᠠᠭᠠᠶ ᠬᠥᠮᠦᠰ ᠤᠨ ᠰᠤᠷᠭᠠᠭᠤᠯᠢ ᠳᠤ ᠣᠷᠣᠬᠤ ᠪᠠᠲᠤᠯᠠᠭ᠎ᠠ ᠶᠢᠨ ᠠᠵᠢᠯ ᠢ ᠦᠨᠡᠨ ᠬᠦ ᠴᠢᠩᠭᠠᠳᠬᠠᠵᠤ᠂ ᠪᠣᠢ ᠪᠦᠬᠦᠢ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠡᠷᠬᠡ ᠲᠡᠭᠰᠢ ᠪᠠᠷ ᠬᠦᠷᠲᠡᠬᠦ ᠶᠢ ᠦᠨᠡᠨ ᠬᠦ ᠪᠠᠲᠤᠯᠠᠵᠤ᠂ ᠣᠷᠣᠬᠤ ᠶᠣᠰᠣᠲᠠᠢ ᠶᠢ ᠨᠢ ᠴᠥᠮ ᠣᠷᠣᠭᠤᠯᠵᠤ᠂ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠨ᠎ᠠ᠃ ᠬᠤᠶᠠᠷ ᠲᠤ᠂ ᠪᠠᠭ᠎ᠠ ᠰᠤᠷᠭᠠᠭᠤᠯᠢ ᠡᠷᠳᠡᠮ ᠤᠨ ᠴᠣᠯᠠ ᠶᠢ ᠦᠨᠳᠦᠰᠦᠯᠡᠨ᠂ 7 ᠲᠥᠷᠥᠯ ᠤᠨ ᠦᠨᠳᠦᠰᠦᠯᠡᠯ ᠶᠣᠰᠣᠭᠠᠷ ᠲᠠᠰ ᠳᠠᠷᠠᠭᠠᠯᠠᠨ ᠰᠣᠷᠣᠭᠴᠢ ᠡᠯᠰᠡᠵᠦ᠂ ᠰᠣᠷᠣᠭᠴᠢ ᠡᠯᠰᠡᠬᠦ ᠲᠥᠯᠥᠪᠯᠡᠭᠡ ᠪᠠᠨ ᠳᠠᠭᠤᠰᠲᠠᠯ᠎ᠠ ᠡᠷᠳᠡᠮᠲᠡᠨ ᠤ ᠴᠣᠯᠠ ᠬᠠᠮᠠᠭᠠᠯᠠᠪᠠ᠃ ᠬᠡᠷᠪᠡ ᠶᠠᠮᠠᠷ ᠨᠢᠭᠡᠨ ᠲᠥᠷᠥᠯ ᠤᠨ ᠡᠷᠳᠡᠮ ᠤᠨ ᠴᠣᠯᠠ ᠨᠢᠭᠡᠨᠲᠡ ᠳᠦᠭᠦᠷᠲᠡᠯ᠎ᠡ ᠡᠯᠰᠡᠪᠡᠯ᠂ ᠦᠯᠡᠳᠡᠭᠰᠡᠨ ᠰᠤᠷᠤᠭᠴᠢ ᠨᠢ ᠣᠯᠠᠨ ᠰᠤᠷᠭᠠᠭᠤᠯᠢ ᠬᠤᠯᠪᠣᠭᠠᠯᠠᠭᠰᠠᠨ ᠪᠠ ᠲᠠᠰᠢᠷᠠᠮ ᠢᠶᠠᠷ ᠣᠷᠣᠨ ᠪᠠᠶᠢᠷᠢ ᠲᠣᠮᠢᠯᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠡᠷᠳᠡᠮ ᠤᠨ ᠴᠣᠯᠠ ᠪᠦᠬᠦᠢ ᠰᠤᠷᠭᠠᠭᠤᠯᠢ ᠳᠤ ᠲᠣᠬᠢᠷᠠᠭᠤᠯᠤᠨ ᠰᠤᠷᠭᠠᠭᠤᠯᠢ ᠳᠤ ᠣᠷᠣᠭᠤᠯᠤᠨ᠎ᠠ︔ ᠪᠠᠭ᠎ᠠ ᠰᠤᠷᠭᠠᠭᠤᠯᠢ ᠲᠡᠭᠦᠰᠦᠭᠰᠡᠳ ᠢ ᠬᠤᠪᠢᠶᠠᠷᠢᠯᠠᠨ ᠲᠣᠭᠲᠠᠭᠠᠭᠰᠠᠨ ᠹᠢᠯᠢᠮ ᠤᠨ ᠳᠣᠲᠣᠷᠠᠬᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠭᠠᠭᠤᠯᠢ ᠳᠤ ᠣᠷᠤᠭᠤᠯᠤᠨ᠎ᠠ᠂ ᠪᠤᠰᠤᠳ ᠬᠤᠰᠢᠭᠤ ᠰᠢᠶᠠᠨ ᠤ ᠪᠠᠭ᠎ᠠ ᠰᠤᠷᠭᠠᠭᠤᠯᠢ ᠲᠡᠭᠦᠰᠦᠭᠰᠡᠳ ᠪᠣᠳᠠᠲᠤ ᠪᠠᠶᠢᠳᠠᠯ ᠢᠶᠠᠨ ᠦᠨᠳᠦᠰᠦᠯᠡᠨ ᠰᠤᠷᠤᠯᠴᠠᠬᠤ ᠰᠤᠷᠭᠠᠭᠤᠯᠢ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠤᠨ᠎ᠠ︔ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠬᠢᠭᠡᠳ ᠠᠯᠪᠠᠨ ᠠᠴᠠ ᠡᠷᠬᠢᠯᠡᠭᠰᠡᠨ ᠰᠤᠷᠭᠠᠭᠤᠯᠢ ᠲᠠᠢ ᠵᠡᠷᠭᠡ ᠪᠠᠷ ᠰᠤᠷᠤᠭᠴᠢ ᠡᠯᠰᠡᠵᠦ᠂ ᠪᠦᠬᠦ ᠰᠢᠶᠠᠨ ᠤ ︽ᠠᠳᠠᠯᠢ ᠠᠬᠢᠴᠠ︾ ︽ᠨᠢᠭᠡ ᠬᠥᠯᠭᠡ ᠰᠢᠲᠠᠷ᠎ᠠ︾ ᠶᠢ ᠪᠠᠲᠤᠯᠠᠨ᠎ᠠ᠃    【 ᠰᠤᠷᠪᠤᠯᠵᠢᠯᠠᠭᠴᠢ 】 ᠮᠠᠨ ᠤ ᠰᠢᠶᠠᠨ ᠢᠯᠡ ᠪᠠᠷ ᠰᠤᠷᠤᠭᠴᠢ ᠡᠯᠰᠡᠬᠦ ᠶᠢ ᠬᠡᠷᠬᠢᠨ ᠨᠠᠶᠢᠳᠠᠪᠤᠷᠢᠵᠢᠭᠤᠯᠤᠭᠰᠠᠨ ᠪᠤᠢ︖    【 ᠮᠠ ᠰᠢ 】 ᠨᠡᠷᠡᠨ ᠤ ᠭᠡᠷᠡᠯ ᠤᠨ ᠰᠤᠷᠤᠭᠴᠢ ᠡᠯᠰᠡᠬᠦ ᠨᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ︽ᠵᠢᠵᠢᠭ ᠡᠭᠦᠳᠡ︾ ᠪᠣᠯᠬᠤ ᠪᠠᠷ ᠪᠠᠷᠠᠬᠤ ᠦᠭᠡᠢ᠂ ᠨᠡᠩ ᠴᠤ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ︽ᠶᠡᠭᠡ ᠠᠷᠠᠳ ᠤᠨ ᠠᠮᠢᠳᠤᠷᠠᠯ︾ ᠪᠣᠯᠤᠨ᠎ᠠ᠃ ᠨᠢᠭᠡ ᠳᠤ᠂ ᠰᠤᠷᠤᠭᠴᠢ ᠡᠯᠰᠡᠨ ᠰᠤᠷᠭᠠᠭᠤᠯᠢ ᠳᠤ ᠣᠷᠣᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠢᠯᠡ ᠪᠠᠷ ᠰᠣᠷᠣᠭᠴᠢ ᠡᠯᠰᠡᠬᠦ ᠲᠤᠰᠬᠠᠶ ᠠᠵᠢᠯᠯᠠᠭ᠎ᠠ ︵2024︶ ᠠᠵᠢᠯ ᠤᠨ ᠲᠥᠰᠦᠯ︾᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠢᠯᠡ ᠪᠠᠷ ᠠᠩᠭᠢ ᠬᠤᠪᠢᠶᠠᠬᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠩ ᠾᠧ ᠰᠢᠶᠠᠨ ᠤ ︽ᠢᠯᠡ ᠪᠠᠷ ᠰᠣᠷᠣᠭᠴᠢ ᠡᠯᠰᠡᠬᠦ ᠰᠤᠷᠭᠠᠭᠤᠯᠢ ᠳᠤ ᠣᠷᠣᠬᠤ︾ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ︽ᠢᠯᠡ ᠪᠠᠷ ᠰᠣᠷᠣᠭᠴᠢ ᠡᠯᠰᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠷᠢ ᠰᠤᠷᠭᠠᠨ ᠬᠥᠮᠦᠵᠢᠯ ᠤᠨ ᠵᠠᠰᠠᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠠᠷᠠᠳ ᠣᠯᠠᠨ ᠤ ᠰᠤᠷᠭᠠᠨ ᠬᠥᠮᠦᠵᠢᠯ ᠳᠠᠬᠢ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠬᠤᠶᠠᠷ ᠲᠤ᠂ ︽ᠰᠢᠯᠭᠠᠬᠤ ᠥᠬᠡᠶ ᠪᠠᠷ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ︾ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠮᠠᠨ ᠤ ᠰᠢᠶᠠᠨ ᠰᠤᠷᠭᠠᠭᠤᠯᠢ ᠶᠢᠨ ᠪᠠᠶᠢᠷᠢᠰᠢᠭᠤᠯᠤᠯᠲᠠ᠂ ᠡᠷᠳᠡᠮ ᠤᠨ ᠴᠣᠯᠠ ᠶᠢᠨ ᠬᠡᠷᠡᠭᠴᠡᠭᠡ ᠱᠠᠭᠠᠷᠳᠠᠯᠭ᠎ᠠ᠂ ᠲᠡᠩᠴᠡᠭᠦᠷᠢᠲᠡᠶ ᠬᠥᠭᠵᠢᠯᠲᠡ ᠵᠡᠷᠭᠡ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠢᠭᠡᠪᠦᠷᠢ ᠳᠤ ᠦᠢᠯᠡᠴᠢᠯᠡᠭᠡᠨ ᠤ ᠬᠡᠪᠴᠢᠶ᠎ᠡ ᠶᠢ ᠵᠦᠶ ᠵᠣᠬᠢᠰᠲᠠᠶ ᠵᠠᠭᠠᠭᠯᠠᠨ ᠲᠣᠭᠲᠠᠭᠠᠬᠤ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠪᠡ᠃ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ︽ᠰᠢᠩ ᠾᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ︾ ᠤᠨ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠡᠯ᠎ᠡ ᠰᠤᠷᠭᠠᠭᠤᠯᠢ ᠶᠢᠨ ᠬᠦᠷᠢᠶᠡᠨ ᠤ ᠬᠡᠷ ᠤᠨ ᠠᠬᠠᠮᠠᠳ ᠣᠯᠠᠨ ᠨᠡᠶᠢᠲᠡ ᠶᠢᠨ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠴᠡᠴᠡᠷᠯᠢᠭ ᠲᠤ ᠣᠷᠣᠬᠤ ᠳᠤ ᠨᠡᠷ᠎ᠡ ᠮᠡᠳᠡᠭᠦᠯᠬᠦ ᠠᠷᠭ᠎ᠠ ᠪᠠ ᠭᠦᠢᠴᠡᠳᠭᠡᠬᠦ ᠴᠤᠪᠤᠷᠠᠯ ᠵᠡᠷᠭᠡ ᠮᠡᠳᠡᠭᠡ ᠵᠠᠩᠭᠢ ᠶᠢ ᠨᠡᠶᠢᠲᠡᠯᠡᠨ᠎ᠡ᠃ ᠭᠤᠷᠪᠠ ᠳᠤ᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠳᠤ ᠨᠢᠭᠡ ᠶᠠᠪᠤᠳᠠᠯ ᠢ ᠭᠦᠢᠴᠡᠳᠬᠡᠬᠦ︾ ᠶᠢ ᠦᠨᠡᠨ ᠬᠦ ᠰᠠᠶᠢᠲᠤᠷ ᠬᠢᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠲᠤ ᠣᠷᠣᠵᠤ ᠰᠤᠷᠭᠠᠭᠤᠯᠢ ᠳᠤ ᠣᠷᠣᠬᠤ ᠶᠠᠪᠤᠳᠠᠯ ᠢ ᠰᠢᠢᠳᠪᠦᠷᠢᠯᠡᠬᠦ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠷ ᠤᠨ ᠠᠬᠠᠮᠠᠳ ︽ᠮᠥᠩᠬᠡ ᠰᠤᠪᠠᠭ︾ APP ᠪᠠᠷ ᠳᠠᠮᠵᠢᠭᠤᠯᠤᠨ ︽ᠨᠢᠭᠡ ᠶᠠᠪᠤᠳᠠᠯ ᠤᠨ ᠲᠤᠰᠬᠠᠶ ᠣᠷᠣᠨ︾ ᠳᠤ ᠣᠷᠣᠵᠤ ᠪᠣᠯᠤᠨ᠎ᠠ᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠤᠨ ᠬᠡᠰᠡᠭ ᠲᠤ ᠰᠢᠰᠲ᠋ᠧᠮ ᠤᠨ ᠠᠵᠢᠯᠯᠠᠭᠠᠨ ᠤ ᠵᠦᠭᠯᠡᠭᠦᠷ ᠶᠣᠰᠣᠭᠠᠷ ᠬᠠᠮᠢᠶ᠎ᠠ ᠪᠥᠬᠦᠶ ᠮᠡᠳᠡᠭᠡ ᠵᠠᠩᠭᠢ ᠶᠢ ᠲᠠᠭᠯᠠᠨ ᠪᠢᠴᠢᠬᠦ ᠶᠢᠨ ᠬᠠᠮᠲᠤ ᠴᠢᠬᠤᠯᠠ ᠪᠥᠬᠦᠶ ᠮᠠᠲ᠋ᠧᠷᠢᠶᠠᠯ ᠢ ᠰᠡᠭᠦᠳᠡᠷᠯᠡᠨ ᠳᠠᠮᠵᠢᠭᠤᠯᠤᠨ᠎ᠠ᠃ ᠡᠯ᠎ᠡ ᠰᠤᠷᠭᠠᠭᠤᠯᠢ ᠨᠤᠭᠤᠳ ᠰᠤᠷᠭᠠᠭᠤᠯᠢ ᠳᠤ ᠰᠦᠯᠵᠢᠶᠡᠨ ᠭᠠᠳᠠᠨᠠᠬᠢ ᠣᠷᠣᠯᠠᠨ ᠭᠦᠢᠴᠡᠳᠬᠡᠬᠦ ᠴᠡᠭ ᠭᠠᠷᠭᠠᠵᠤ᠂ ᠬᠡᠰᠡᠭ ᠣᠨᠴᠠᠭᠠᠶ ᠬᠡᠷᠡᠭᠴᠡᠭᠡ ᠱᠠᠭᠠᠷᠳᠠᠯᠭ᠎ᠠ ᠲᠠᠢ ᠣᠯᠠᠨ ᠲᠦᠮᠡᠨ ᠢ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠠᠵᠢᠯ ᠤᠨ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠦᠨ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠬᠠᠷᠭᠤᠭᠤᠯᠤᠨ ᠰᠢᠯᠭᠠᠬᠤ ᠠᠵᠢᠯ ᠢ ᠲᠦᠷᠭᠡᠨ ᠪᠥᠭᠡᠳ ᠣᠨᠣᠪᠴᠢᠲᠠᠶ ᠪᠡᠶᠡᠯᠡᠭᠦᠯᠵᠦ᠂ ᠰᠣᠷᠣᠭᠴᠢ ᠡᠯᠰᠡᠬᠦ ᠠᠵᠢᠯ ᠤᠨ ᠵᠢᠷᠤᠮᠵᠢᠭᠤᠯᠤᠯᠲᠠ ᠶᠢ ᠠᠬᠢᠭᠤᠯᠤᠨ᠂ ᠣᠯᠠᠨ ᠲᠦᠮᠡᠨ ᠳᠤ ᠡᠷᠬᠡ ᠲᠡᠭᠰᠢ ᠲᠥᠪ ᠭᠤᠤᠯᠴᠢ ᠢᠯᠡ ᠪᠠᠷ ᠰᠣᠷᠣᠭᠴᠢ ᠡᠯᠰᠡᠬᠦ ᠦᠢᠯᠡᠴᠢᠯᠡᠭᠡ ᠶᠢ ᠬᠠᠩᠭᠠᠪᠠ᠃    【 ᠰᠤᠷᠪᠤᠯᠵᠢᠯᠠᠭᠴᠢ 】 ᠲᠠᠨ ᠤ ᠳᠤᠷᠠᠳᠤᠭᠰᠠᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠵᠦᠢ ᠵᠣᠬᠢᠰᠲᠠᠶ ᠲᠣᠭᠲᠠᠭᠠᠬᠤ ᠲᠤᠬᠠᠶ ᠶᠠᠮᠠᠷ ᠶᠠᠮᠠᠷ ᠬᠦᠴᠦᠨ ᠵᠦᠢᠯ ᠢ ᠪᠣᠳᠣᠯᠬᠢᠯᠠᠭᠰᠠᠨ ᠪᠤᠶ︖    【 ᠮᠠ ᠰᠢ 】 ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠵᠦᠶ ᠵᠣᠬᠢᠰᠲᠠᠶ ᠵᠠᠭᠠᠭᠯᠠᠨ ᠲᠣᠭᠲᠠᠭᠠᠬᠤ ᠬᠡᠷᠡᠭᠲᠡᠶ᠂ ᠡᠩ ᠲᠡᠷᠢᠭᠦᠨ ᠳᠤ ᠵᠦᠶ ᠵᠣᠬᠢᠰᠲᠠᠶ ︽ᠶᠣᠰᠣ︾ ᠨᠢ ᠶᠠᠭᠤ ᠪᠣᠯᠬᠤ᠂ ᠨᠢᠭᠡ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ᠶᠢᠨ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠵᠠᠷᠴᠢᠮ ᠢ ᠲᠣᠳᠣᠷᠬᠠᠶᠢᠯᠠᠬᠤ ᠬᠡᠷᠡᠭᠲᠡᠶ᠃ ᠬᠤᠶᠠᠷ ᠲᠤ᠂ ᠰᠤᠷᠭᠠᠭᠤᠯᠢ ᠶᠢᠨ ᠬᠥᠭᠵᠢᠯᠲᠡ ᠶᠢ ᠠᠬᠢᠭᠤᠯᠵᠤ᠂ ᠵᠠᠭᠠᠭᠯᠠᠨ ᠲᠣᠭᠲᠠᠭᠠᠭᠰᠠᠨ ᠬᠡᠰᠡᠭ ᠲᠣᠭᠤᠷᠢᠭ ᠨᠢ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠢᠳᠡᠪᠬᠢᠵᠢᠯ ᠢ ᠳᠠᠶᠢᠴᠢᠯᠠᠬᠤ ᠳᠤ ᠠᠰᠢᠭᠲᠠᠶ ᠪᠠᠶᠢᠵᠤ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠬᠡᠰᠡᠭ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠭᠤᠷᠪᠠ ᠳᠤ᠂ ᠰᠤᠷᠤᠭᠴᠢ ᠶᠢᠨ ᠭᠡᠷ ᠤᠨ ᠠᠬᠠᠮᠠᠳ ᠤᠨ ᠬᠡᠷᠡᠭᠴᠡᠭᠡ ᠶᠢ ᠬᠠᠩᠭᠠᠵᠤ᠂ ᠪᠠᠭ᠎ᠠ ᠰᠤᠷᠭᠠᠭᠤᠯᠢ ᠶᠢᠨ ᠲᠠᠷᠬᠠᠯᠲᠠ᠂ ᠭᠠᠵᠠᠷ ᠵᠦᠢ ᠶᠢᠨ ᠪᠠᠶᠢᠷᠢᠰᠢᠯ᠂ ᠵᠠᠮ ᠬᠠᠷᠢᠯᠴᠠᠭᠠᠨ ᠤ ᠪᠠᠶᠢᠳᠠᠯ ᠵᠡᠷᠭᠡ ᠬᠦᠴᠦᠨ ᠵᠦᠢᠯ ᠢ ᠪᠣᠳᠣᠯᠬᠢᠯᠠᠬᠤ ᠬᠡᠷᠡᠭᠲᠡᠢ᠃ ᠬᠤᠶᠢᠰᠢᠳᠠ᠂ ᠪᠢᠳᠡ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ᠂ ᠰᠤᠷᠭᠠᠭᠤᠯᠢ ᠶᠢᠨ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠰᠤᠷᠭᠠᠭᠤᠯᠢ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠪᠦᠯᠦᠭᠵᠢᠭᠦᠯᠦᠨ ᠰᠤᠷᠭᠠᠭᠤᠯᠢ ᠡᠷᠬᠢᠯᠡᠬᠦ ᠶᠢ ᠭᠦᠨᠵᠡᠭᠡᠢ ᠠᠬᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠡᠰᠡᠭ ᠲᠣᠭᠤᠷᠢᠭ ᠨᠢᠭᠡᠪᠦᠷᠢ ᠳᠤ ᠴᠥᠮ ᠰᠢᠯᠢᠳᠡᠭ ᠰᠤᠷᠭᠠᠭᠤᠯᠢ ᠲᠠᠢ ᠪᠣᠯᠭᠠᠬᠤ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ ᠢᠩᠭᠢᠪᠡᠯ ᠰᠠᠶ᠋ᠢ ᠰᠤᠷᠭᠠᠨ ᠬᠥᠮᠦᠵᠢᠯ ᠤᠨ ᠡᠷᠬᠡ ᠲᠡᠭᠰᠢ ᠶᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠵᠦ᠂ ᠭᠡᠷ ᠤᠨ ᠠᠬᠠᠮᠠᠳ ᠢ ᠬᠠᠮᠤᠭ ᠤᠨ ᠶᠡᠭᠡ ᠬᠡᠮᠵᠢᠶ᠎ᠡ ᠪᠠᠷ ᠰᠡᠳᠬᠢᠯ ᠬᠠᠨᠤᠮᠵᠢᠲᠠᠶ ᠪᠣᠯᠭᠠᠵᠤ ᠴᠢᠳᠠᠨ᠎ᠠ᠃    【 ᠰᠤᠷᠪᠤᠯᠵᠢᠯᠠᠭᠴᠢ 】 ᠮᠠ᠋ ᠲᠣᠪᠴᠢᠶᠠᠨ ᠳᠠᠷᠤᠭ᠎ᠠ ᠪᠢᠳᠡᠨ ᠤ ᠰᠤᠷᠪᠤᠯᠵᠢᠯᠠᠭ᠎ᠠ ᠶᠢ ᠬᠦᠯᠢᠶᠡᠵᠦ ᠠᠪᠤᠭᠰᠠᠨ ᠳᠤ ᠲᠠᠯᠠᠷᠬᠠᠵᠤ  ᠪᠠᠶᠢᠨ᠎ᠠ᠃ ᠥᠨᠥᠳᠦᠷ ᠤᠨ ᠲᠤᠬᠠᠶ ᠰᠤᠷᠪᠤᠯᠵᠢᠯᠠᠭ᠎ᠠ ᠲᠡᠭᠦᠰᠴᠡᠶ᠂  ᠲᠠ ᠨᠠᠷ ᠲᠠᠢ ᠪᠠᠨ ᠳᠠᠷᠠᠭ᠎ᠠ ᠤᠳᠠᠭ᠎ᠠ ᠠᠭᠤᠯᠵᠠᠶ᠎ᠠ᠃                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠨᠠᠷᠠᠰᠤ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3